4 ᠰᠠᠷ᠎ᠠ ᠶᠢᠨ 28 ᠤ ᠡᠳᠦᠷ᠂ ᠬᠥᠪᠡᠭᠡᠲᠦ ᠰᠢᠷ᠎ᠠ ᠬᠤᠰᠢᠭᠤ ᠠᠷᠪᠠᠨ ᠵᠢᠷᠭᠤᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ 22 ᠳ᠋ᠤᠭᠠᠷ ᠤᠳᠠᠭᠠᠨ ᠤ | ᠬᠤᠷᠠᠯ ᠬᠤᠷᠠᠯᠳᠤᠭᠤᠯᠵᠤ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠡᠷᠬᠢᠯᠡᠭᠴᠢ ᠬᠤᠷᠴᠠ᠂ ᠳᠡᠳ᠋ ᠡᠷᠬᠢᠯᠡᠭᠴᠢ ᠪᠠᠶᠠᠷᠲᠤ᠂ ᠠᠨ ᠶᠢᠨ ᠮᠢᠩ ᠬᠤᠷᠠᠯ ᠳᠤ ᠣᠷᠣᠯᠴᠠᠪᠠ᠃ | ᠲᠣᠰ ᠤᠳᠠᠭᠠᠨ ᠤ ᠬᠤᠷᠠᠯᠳᠤᠭᠠᠨ ᠳᠤ ᠣᠷᠣᠯᠴᠠᠬᠤ ᠶᠣᠰᠣᠲᠠᠶ ᠬᠥᠮᠦᠨ 28᠂ ᠪᠣᠳᠠᠲᠠᠶ ᠣᠷᠣᠯᠴᠠᠭᠰᠠᠨ ᠨᠢ 22 | ᠬᠥᠮᠦᠨ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠨ᠎ᠡ᠃ | ᠬᠤᠷᠠᠯ ᠳᠡᠭᠡᠷ᠎ᠡ᠂ ︽ᠬᠥᠪᠡᠭᠡᠲᠦ ᠰᠢᠷ᠎ᠠ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠲᠥᠯᠥᠭᠡᠯᠡᠭᠴᠢᠳ ᠤᠨ ᠬᠢᠷᠢ ᠬᠡᠮ ᠢ ᠬᠢᠨᠠᠨ ᠪᠠᠶᠢᠴᠠᠭᠠᠬᠤ ᠵᠥᠪᠯᠡᠯ ᠤᠨ | ᠪᠦᠷᠢᠯᠳᠦᠬᠦᠨ ᠳᠤ ᠲᠣᠬᠢᠷᠠᠭᠤᠯᠤᠯᠲᠠ ᠬᠢᠬᠦ ᠲᠤᠬᠠᠶ ᠲᠣᠭᠲᠠᠭᠠᠯ ︵ᠲᠥᠰᠦᠯ︶︾ ᠢ ᠪᠠᠳᠣᠯᠠᠵᠣ᠂ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠤ 2024 ᠣᠨ ᠤ ᠣᠷᠴᠢᠨ ᠲᠣᠭᠤᠷᠢᠨ ᠤ ᠪᠠᠶᠢᠳᠠᠯ ᠪᠠ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ᠂ ᠬᠥᠪᠡᠭᠡᠲᠦ ᠰᠢᠷ᠎ᠠ | ᠬᠤᠰᠢᠭᠤᠨ ᠤ 2024 ᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠠᠶᠢᠳᠠᠯ ᠤᠨ | ᠲᠤᠬᠠᠶ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠪᠡ᠃ | ᠬᠤᠷᠠᠯ ᠠᠴᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠶᠠᠪᠤᠳᠠᠯ ᠢ | ᠪᠠᠲᠤᠯᠠᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠡᠷᠬᠢᠯᠡᠭᠴᠢ ᠬᠤᠷᠴᠠ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠨ ᠬᠥᠮᠦᠰ ᠲᠤ ᠲᠤᠰᠢᠶᠠᠯ ᠳᠤ ᠲᠣᠮᠢᠯᠠᠬᠤ ᠪᠢᠴᠢᠭ | ᠭᠠᠷᠳᠠᠭᠤᠯᠪᠠ᠃ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠨ ᠬᠥᠮᠦᠰ ᠦᠨᠳᠦᠰᠦᠨ ᠬᠠᠤᠯᠢ ᠳᠤ ᠲᠥᠪ | ᠴᠢᠩᠭ᠎ᠠ ᠪᠠᠷ ᠲᠠᠩᠭᠠᠷᠢᠭᠯᠠᠭᠰᠠᠨ ᠪᠥᠭᠡᠳ ᠲᠤᠰᠢᠶᠠᠯ ᠡᠭᠦᠷᠭᠡᠯᠡᠬᠦ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃ | ᠬᠤᠷᠠᠯ ᠠᠴᠠ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠠᠮᠢᠶ᠎ᠠ ᠪᠥᠬᠦᠶ ᠡᠭᠦᠷᠭᠡ | ᠴᠢᠳᠠᠪᠤᠷᠢᠲᠤ ᠰᠠᠯᠠᠭ᠎ᠠ ᠮᠥᠴᠢᠷ ᠨᠢ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠪᠠᠷ | ᠵᠢᠯᠣᠭᠤᠳᠣᠯᠭ᠎ᠠ ᠪᠣᠯᠭᠠᠵᠤ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠰᠢᠨ᠎ᠡ | ᠪᠠᠶᠢᠳᠠᠯ ᠰᠢᠨ᠎ᠡ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ | ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠬᠦ ᠬᠡᠷᠡᠭᠲᠡᠶ᠃ ᠬᠠᠤᠯᠢᠵᠢᠯ ᠤᠨ ᠵᠠᠰᠠᠭ ᠤᠨ ᠣᠷᠳᠣᠨ ᠤ | ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠲᠥᠪ ᠭᠤᠣᠯᠴᠢ ᠪᠠᠷ ᠬᠠᠤᠯᠢ ᠬᠡᠷᠡᠭᠵᠢᠭᠦᠯᠬᠦ ᠬᠠᠤᠯᠢ ᠴᠠᠭᠠᠵᠠ ᠶᠢᠨ | ᠪᠠᠶᠢᠭᠤᠯᠤᠮᠵᠢ ᠲᠣᠭᠲᠠᠴᠠ ᠶᠢ ᠪᠦᠷᠢᠨᠰᠢᠬᠦᠯᠵᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ | ᠤᠬᠠᠭᠤᠯᠭ᠎ᠠ ᠶᠢᠨ ᠶᠠᠰᠤ ᠴᠢᠨᠠᠷ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠵᠦ᠂ ᠬᠠᠤᠯᠢᠵᠢᠯ ᠤᠨ ᠵᠠᠰᠠᠭ ᠤᠨ | ᠣᠷᠳᠣᠨ᠂ ᠬᠠᠤᠯᠢᠵᠢᠯ ᠤᠨ ᠨᠡᠶᠢᠭᠡᠮ ᠤᠨ ᠪᠠᠶᠢᠭᠤᠯᠤᠯᠲᠠ ᠶᠢᠨ ᠲᠠᠰᠤᠷᠠᠯᠲᠠ ᠦᠭᠡᠢ ᠰᠢᠨ᠎ᠡ ᠳᠡᠭᠲᠡᠷ ᠲᠤ ᠭᠠᠷᠬᠤ ᠶᠢ | ᠠᠬᠢᠭᠤᠯᠬᠤ ᠬᠡᠷᠡᠭᠲᠡᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠪᠦᠷᠢᠯᠳᠦᠬᠦᠨ ᠨᠢ ᠲᠤᠰ ᠪᠡᠶ᠎ᠡ ᠶᠢᠨ ᠪᠠᠶᠢᠭᠤᠯᠤᠯᠲᠠ ᠪᠠᠨ ᠪᠦᠬᠦ ᠲᠠᠯ᠎ᠠ ᠪᠠᠷ ᠴᠢᠩᠭᠠᠳᠬᠠᠵᠤ᠂ ᠲᠥᠯᠥᠭᠡᠯᠡᠭᠴᠢ᠂ | ᠰᠣᠩᠭᠤᠭᠤᠯᠢ ᠶᠢᠨ ᠠᠷᠠᠳ ᠤᠯᠠᠨ ᠲᠠᠢ ᠬᠠᠷᠢᠯᠴᠠᠭ᠎ᠠ ᠪᠠᠨ ᠴᠢᠩᠭᠠᠳᠬᠠᠵᠤ᠂ ᠤᠯᠠᠨ ᠲᠦᠮᠡᠨ ᠤ ᠰᠠᠨᠠᠯ | ᠰᠠᠨᠠᠭᠤᠯᠭ᠎ᠠ ᠶᠢ ᠰᠣᠨᠣᠰᠴᠤ᠂ ᠤᠯᠠᠨ ᠲᠦᠮᠡᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ | ᠮᠡᠳᠡᠷᠡᠬᠦ ᠲᠦᠷᠦᠭᠳᠡᠯ ᠪᠠ ᠬᠠᠨᠤᠮᠵᠢ ᠶᠢᠨ ᠬᠡᠮᠵᠢᠶ᠎ᠡ ᠶᠢ ᠨᠡᠮᠡᠭᠳᠡᠭᠦᠯᠬᠦ ᠬᠡᠷᠡᠭᠲᠡᠢ ᠬᠡᠵᠣ ᠴᠢᠬᠤᠯᠠᠴᠢᠯᠠᠵᠠᠢ᠃ |