ᠰᠤᠷᠭᠠᠨ ᠬᠦᠮᠦᠵᠢᠯ ᠤᠨ ᠰᠢᠰᠲ᠋ᠧᠮ ᠤᠨ ᠨᠠᠶᠢᠷᠠᠯ ᠳᠠᠭᠤᠨ ᠤ ᠤᠷᠤᠯᠳᠤᠭᠠᠨ ᠶᠠᠪᠤᠭᠳᠠᠪᠠ
ᠨᠡᠶᠢᠲᠡᠯᠡᠭᠰᠡᠨ ᠴᠠᠭ᠄
2025/5/14
     4 ᠰᠠᠷ᠎ᠠ ᠶᠢᠨ 25 ᠤ ᠡᠳᠦᠷ᠂ ᠬᠦᠪᠡᠭᠡᠲᠦ ᠰᠢᠷ᠎ᠠ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ︽ᠤᠮᠠᠷᠠᠲᠤ ᠬᠢᠯᠢ ᠶᠢᠨ ᠰᠣᠶᠣᠯ ᠢ ᠪᠠᠳᠠᠷᠠᠭᠤᠯᠵᠤ ᠦᠵᠡᠯ ᠰᠠᠨᠠᠭ᠎ᠠ ᠤᠯᠤᠰ ᠲᠦᠷᠦ ᠶᠢᠨ ᠶᠡᠭᠡ ᠬᠢᠴᠢᠶᠡᠯ ᠢ ᠴᠤᠤᠷᠢᠶᠠᠳᠠᠭᠤᠯᠬᠤ︾ ᠭᠤᠤᠯ ᠰᠡᠳᠦᠪᠲᠦ ᠨᠠᠶᠢᠷᠠᠯ ᠳᠠᠭᠤᠤ ᠶᠢᠨ ᠤᠷᠤᠯᠳᠤᠭᠠᠨ ᠬᠤᠰᠢᠭᠤᠨ ᠤ ᠮᠡᠳᠡᠭᠡ  ᠵᠠᠩᠭᠢᠵᠢᠭᠤᠯᠣᠯᠳᠠ ᠶᠢᠨ ᠲᠦᠪ ᠲᠤ ᠠᠮᠵᠢᠯᠳᠠ ᠲᠠᠢ ᠶᠠᠪᠤᠭᠳᠠᠵᠠᠢ᠃     ᠲᠣᠰ ᠣᠳᠠᠭᠠᠨ ᠤ ᠣᠷᠣᠯᠳᠣᠭᠠᠨ ᠢ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ︵ᠰᠣᠶᠣᠯ ᠲᠠᠮᠢᠷ ᠷᠠᠳᠢᠣ᠋ ᠲᠧᠯᠸᠢᠰ ᠵᠢᠭᠤᠯᠴᠢᠯᠠᠯ ᠤᠨ ᠲᠣᠪᠴᠢᠶ᠎ᠠ︶᠂ ᠰᠤᠷᠭᠠᠨ ᠬᠥᠮᠦᠵᠢᠯ ᠤᠨ ᠲᠣᠪᠴᠢᠶ᠎ᠠ ᠠᠴᠠ ᠭᠤᠤᠯᠯᠠᠨ ᠡᠷᠭᠢᠯᠡᠵᠠᠢ᠃ ᠤᠷᠤᠯᠳᠤᠭᠠᠨ ᠨᠢ ᠬᠤᠰᠢᠭᠤᠨ ᠤ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠠᠰᠤᠷᠤ ᠬᠦᠭᠵᠢᠮ ᠤᠨ ᠪᠦᠯᠬᠦᠮ ᠤᠨ ᠲᠣᠬᠯᠠᠯᠳᠠ ᠪᠠᠷ ᠬᠥᠰᠢᠭᠡ ᠪᠠᠨ ᠰᠡᠬᠦᠵᠥ᠂ ︽ᠡᠬᠡ ᠤᠯᠤᠰ ᠢᠶᠠᠨ ᠡᠭᠦᠷᠢᠳᠡ ᠮᠠᠷᠲᠠᠬᠤ ᠦᠭᠡᠢ︾᠂ ︽ᠦᠨᠳᠦᠰᠦᠲᠡᠨ ᠨᠦᠭᠦᠳ ᠤᠨ ᠠᠷᠠᠳ ᠲᠦᠮᠡᠨ ᠰᠡᠳᠬᠢᠯ ᠵᠢᠷᠦᠬᠡ ᠪᠠᠨ ᠬᠤᠯᠪᠤᠶ᠎ᠠ︾᠂ ︽ᠮᠣᠷᠢᠲᠤ ᠴᠡᠷᠢᠭ ᠤᠨ ᠢᠷᠠᠭᠤ ᠠᠯᠳᠠᠷ︾ ᠵᠡᠷᠭᠡ ᠥᠪᠡᠷᠮᠢᠴᠡ ᠬᠡᠪ ᠨᠠᠮᠪᠠ ᠲᠠᠢ᠂ ᠤᠮᠠᠷᠠᠲᠤ ᠬᠢᠯᠢ ᠶᠢᠨ ᠣᠨᠴᠠᠯᠢᠭ ᠢ ᠬᠠᠷᠠᠭᠤᠯᠣᠬᠰᠠᠨ ᠭᠤᠶᠢᠳᠠ ᠰᠠᠶᠢᠬᠠᠨ ᠲᠣᠭᠯᠠᠯᠲᠠ ᠪᠠᠷ ᠦᠷᠬᠦᠯᠵᠢᠯᠡᠨ᠂ ᠦᠵᠡᠭᠴᠢᠳ ᠤᠨ ᠬᠠᠷᠠᠭ᠎ᠠ ᠰᠤᠨᠤᠷ ᠢ ᠪᠠᠶᠠᠰᠬᠠᠵᠠᠢ᠃     ᠤᠷᠤᠯᠳᠤᠭᠠᠨ ᠢᠶᠠᠷ ᠲᠠᠮᠵᠢᠨ᠂ ᠪᠠᠭᠰᠢ ᠰᠤᠷᠤᠭᠴᠢᠳ ᠤᠨ ᠲᠥᠯᠥᠭᠡᠯᠡᠭᠴᠢᠳ ᠤᠨ ᠠᠩᠬᠢ ᠶᠢᠨ ᠨᠢᠭᠡᠳᠦᠭᠡᠷ ᠳᠡᠰ ᠲᠤ ᠲᠤᠰ ᠪᠦᠷᠢ 1ᠨᠡᠷ᠎ᠡ᠂ ᠬᠤᠶᠠᠳᠤᠭᠠᠷ ᠳᠡᠰ ᠲᠤ ᠲᠤᠰ ᠪᠦᠷᠢ 2 ᠨᠡᠷ᠎ᠡ ᠰᠢᠯᠭᠠᠷᠠᠭᠤᠯᠤᠭᠰᠠᠨ ᠪᠦᠭᠡᠳ ᠪᠦᠯᠬᠦᠮᠳᠡᠯ ᠤᠨ ᠱᠠᠩᠨᠠᠯ᠂ ᠰᠣᠶᠣᠯ ᠤᠨ ᠤᠯᠠᠮᠵᠢᠯᠠᠯ ᠤᠨ ᠱᠠᠩᠨᠠᠯ᠂ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ ᠪᠠ ᠰᠢᠯᠢᠳᠡᠭ ᠵᠢᠯᠣᠭᠤᠳᠣᠭᠴᠢ ᠪᠠᠭᠰᠢ ᠶᠢᠨ ᠱᠠᠩᠨᠠᠯ᠂ ᠠᠯᠲᠠᠨ ᠮᠧᠳᠧᠯᠲᠦ ᠵᠢᠯᠣᠭᠤᠳᠣᠭᠴᠢ ᠶᠢ ᠰᠢᠯᠭᠠᠷᠠᠭᠤᠯᠵᠦ ᠱᠠᠩᠨᠠᠨ᠂ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠭᠦᠨ ᠵᠤᠵᠠᠭᠠᠨ ᠤᠷᠠᠯᠢᠭ ᠰᠣᠶᠣᠯ ᠤᠨ ᠠᠭᠤᠷ ᠠᠮᠢᠰᠬᠤᠯ ᠢ ᠪᠣᠶ ᠪᠣᠯᠭᠠᠵᠤ᠂ ᠪᠠᠭᠰᠢ ᠰᠤᠷᠤᠭᠴᠢᠳ ᠤᠨ  ᠪᠤᠳᠠᠳᠦ ᠠᠵᠢᠯᠯᠠᠭ᠎ᠠ ᠪᠠᠷ ᠢᠶᠠᠨ ᠤᠮᠠᠷᠠᠲᠤ ᠬᠢᠯᠢ ᠶᠢᠨ ᠰᠣᠶᠣᠯ ᠢ ᠪᠠᠳᠠᠷᠠᠭᠤᠯᠬᠤ ᠤᠷᠮ᠎ᠠ ᠵᠣᠷᠢᠭ ᠢ ᠬᠥᠭᠵᠢᠭᠡᠵᠡᠶ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号