ᠬᠦᠪᠡᠭᠡᠳᠦ ᠰᠢᠷ᠎ᠠ ᠬᠤᠰᠢᠭᠤᠨ ᠤ ᠤᠩᠭᠤᠨ ᠠᠭᠤᠯᠠ ᠰᠤᠮᠤᠨ ᠤ ᠪᠣᠷᠣ ᠬᠤᠵᠢᠷ ᠭᠠᠴᠠᠭᠠᠨ ᠤ ᠨᠠᠮ ᠤᠨ ᠡᠬᠦᠷ ᠤᠨ | ᠱᠦᠵᠢ᠂ ᠭᠠᠴᠠᠭᠠᠨ ᠲᠠᠷᠤᠭ᠎ᠠ ᠲᠤᠤᠯᠠ᠂ ᠤᠷᠴᠢᠮᠬᠠᠨ ᠬᠤᠷᠠᠯᠳᠤᠭᠰᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠬᠥᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠢ ᠰᠠᠶᠢᠰᠢᠶᠠᠨ ᠬᠦᠬᠢᠬᠦᠯᠬᠦ ᠶᠡᠭᠡ ᠬᠤᠷᠠᠯ ᠳᠡᠭᠡᠷ᠎ᠡ | ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠬᠦᠳᠡᠯᠮᠤᠷᠢ ᠶᠢᠨ ᠵᠢᠱᠢᠶᠡᠴᠢ︾ ᠶᠢᠨ ᠢᠷᠠᠭᠤ ᠠᠯᠳᠠᠷ ᠢ | ᠬᠦᠷᠲᠡᠭᠰᠡᠨ ᠰᠠᠶᠢᠬᠠᠨ ᠴᠢᠮᠡᠭᠡ ᠰᠤᠨᠤᠰᠤᠭᠰᠠᠨ ᠪᠦᠬᠦᠨ ᠤ ᠰᠡᠳᠬᠢᠯ ᠢ ᠪᠠᠶᠠᠰᠬᠠᠵᠤ᠂ ᠵᠤᠷᠢᠭ ᠢ ᠬᠦᠪᠴᠢᠯᠡᠨ᠎ᠡ᠃ | ᠬᠦᠪᠡᠬᠡᠳᠣ ᠰᠢᠷ᠎ᠡ ᠬᠤᠰᠢᠭᠤᠨ ᠤ ᠣᠩᠭᠤᠨ ᠠᠭᠤᠯᠠ ᠰᠣᠮᠣᠨ ᠲᠦᠪ ᠲᠤ ᠬᠦᠮᠦᠰ ᠬᠦᠳᠡᠯᠮᠣᠷᠢ ᠶᠢᠨ ᠵᠢᠱᠢᠶᠡᠴᠢ | ᠲᠣᠣᠯᠠ ᠪᠠᠨ ᠤᠭᠳᠤᠨ ᠳᠤᠰᠴᠤ᠂ ᠱᠠᠩᠨᠠᠯ ᠤᠨ ᠲᠡᠮᠳᠡᠭ ᠢ ᠨᠢ ᠮᠢᠯᠢᠶᠠᠨ᠂ ᠰᠠᠶᠢᠨ ᠤ ᠢᠷᠦᠭᠡᠯ ᠢᠶᠠᠨ ᠳᠡᠪᠰᠢᠬᠦᠯᠤᠯᠠ᠃ | ᠲᠣᠣᠯᠠ 2018 ᠣᠨ ᠳᠤ ᠭᠠᠴᠠᠭᠠᠨ ᠤ ᠬᠤᠭᠤᠴᠠᠭ᠎ᠠ ᠰᠣᠯᠢᠬᠤ ᠰᠣᠩᠭᠤᠭᠤᠯᠢ ᠳᠤ ᠪᠦᠷᠢᠨ ᠪᠢᠯᠧᠲ ᠢᠶᠠᠷ ᠤᠩᠭᠤᠨ | ᠠᠭᠤᠯᠠ ᠰᠣᠮᠣᠨ ᠤ ᠪᠣᠷᠣ ᠬᠤᠵᠢᠷ ᠭᠠᠴᠠᠭᠠᠨ ᠤ ᠨᠠᠮ ᠤᠨ ᠡᠭᠦᠷ ᠤᠨ ᠱᠦᠵᠢ ᠪᠠᠷ ᠰᠣᠩᠭᠤᠭᠳᠠᠵᠠᠢ᠃ ᠲᠤᠰᠢᠶᠠᠯ | ᠬᠠᠷᠢᠭᠤᠴᠠᠭᠰᠠᠨ ᠴᠠᠭ ᠠᠴᠠ ᠨᠠᠰᠢ᠂ ᠲᠡᠷᠡ ᠢᠮᠠᠭᠲᠠ ᠮᠠᠯᠴᠢᠨ ᠲᠦᠮᠡᠨ ᠳᠤ ᠠᠰᠢᠭ ᠲᠤᠰᠠ ᠬᠦᠷᠲᠡᠭᠡᠬᠦ ᠶᠢ ᠥᠪᠡᠷ ᠤᠨ | ᠠᠵᠢᠯ ᠤᠨ ᠢᠶᠠᠨ ᠬᠠᠷᠠᠯᠲᠠ ᠵᠣᠷᠢᠯᠲᠠ ᠪᠣᠯᠭᠠᠵᠤ᠂ ᠦᠢᠯᠡᠳᠪᠦᠷᠢᠯᠡᠯ ᠠᠮᠢᠳᠤᠷᠠᠯ ᠤᠨ ᠲᠠᠯ᠎ᠠ ᠪᠠᠷ ︽ᠤᠯᠠᠮᠵᠢᠯᠠᠬᠤ᠂ | ᠬᠠᠪᠰᠤᠷᠬᠤ᠂ ᠳᠠᠶᠢᠴᠢᠯᠠᠬᠤ︾ ᠵᠢᠱᠢᠶᠡᠴᠢ ᠲᠠᠭᠠᠭᠤᠯᠣᠬᠴᠢ ᠶᠢᠨ ᠦᠢᠯᠡᠳᠦᠯ ᠢᠶᠠᠨ ᠰᠠᠶᠢᠲᠤᠷ ᠪᠠᠳᠠᠷᠠᠭᠤᠯᠣᠬᠰᠠᠭᠠᠷ ᠢᠷᠡᠵᠠᠢ᠃ | ︽ᠮᠠᠨ ᠤ ᠭᠠᠴᠠᠭᠠᠨ ᠤ ᠨᠠᠮ ᠤᠨ ᠡᠬᠦᠷ ᠭᠠᠴᠠᠭᠠᠨ ᠵᠦᠪᠯᠡᠯ ᠨᠢ ᠮᠠᠯᠴᠢᠨ ᠲᠦᠮᠡᠨ ᠲᠠᠢ ᠪᠠᠨ ᠨᠢᠬᠳᠡᠷᠡᠨ ᠪᠦᠯᠬᠦᠮᠳᠡᠵᠣ᠂ | ᠮᠠᠯᠴᠢᠨ ᠲᠦᠮᠡᠨ ᠤ ᠪᠠᠨ ᠨᠢᠳᠣᠨ ᠡᠮᠣᠨ᠎ᠠ ᠲᠣᠯᠭᠠᠷᠠᠵᠣ ᠪᠠᠶᠢᠭ᠎ᠠ ᠠᠰᠠᠭᠤᠳᠠᠯ ᠢ ᠨᠢᠬᠡᠳ ᠨᠢᠬᠡ ᠪᠠᠷ ᠰᠢᠢᠳᠪᠣᠷᠢᠯᠡᠭᠰᠠᠨ︔ | ᠡᠬᠦᠨ ᠳᠤ ᠭᠠᠵᠡᠷ ᠨᠣᠳᠤᠭ ᠤᠨ ᠵᠢᠭᠤᠷᠠᠭᠠᠨ᠂ ᠬᠦᠮᠣᠨ ᠮᠠᠯ ᠤᠨ ᠣᠣᠭᠤᠬᠤ ᠣᠰᠣᠨ ᠤᠨ ᠠᠮᠣᠷ ᠲᠦᠪᠰᠢᠨ᠂ ᠬᠤᠳ᠋ᠨ | ᠣᠰᠣᠨ ᠤ ᠬᠤᠭᠤᠷᠣᠨᠳᠣᠬᠢ ᠵᠠᠮ ᠨᠡᠪᠳᠡᠷᠡᠬᠦᠯᠬᠡ᠂ ᠠᠶᠢᠯ ᠡᠷᠣᠬᠡ ᠳᠤ ᠭᠤᠷᠪᠠᠨ ᠹᠠᠰᠲᠦ ᠴᠠᠬᠢᠯᠭᠠᠨ ᠣᠷᠣᠭᠤᠯᠣᠬᠰᠠᠨ | ᠪᠠᠶᠢᠨ᠎ᠠ︔ 2021 ᠣᠨ ᠳᠤ ᠮᠠᠨ ᠤ ᠪᠣᠷᠣ ᠬᠤᠵᠢᠷ ᠭᠠᠴᠠᠭᠠᠨ ᠤ ᠪᠠᠨ ᠬᠠᠮᠳᠣ ᠶᠢᠨ ᠭᠠᠵᠡᠷ ᠲᠡᠬᠡᠷ᠎ᠡ 3000 ᠺᠦᠸᠠᠳ᠋ | ᠮᠧᠲᠷ ᠤᠨ ᠤᠰᠤ ᠴᠠᠬᠢᠯᠭᠠᠨ ᠤ ᠨᠦᠬᠦᠴᠡᠯ ᠲᠠᠢ ᠰᠠᠭᠤᠷᠢ ᠪᠦᠲᠦᠭᠡᠨ ᠪᠠᠶᠢᠭᠤᠯᠤᠯᠲᠠ ᠬᠢᠵᠤ᠂ ᠦᠬᠡᠷ ᠮᠠᠯᠵᠢᠭᠰᠠᠨ︔ | ᠮᠦᠨ ᠴᠦ ᠭᠠᠴᠠᠭᠠᠨ ᠤ ᠪᠠᠨ ᠮᠠᠯᠴᠢᠨ ᠲᠦᠮᠡᠨ ᠳᠤ ᠪᠣᠷᠣ ᠬᠤᠵᠢᠷ ᠭᠠᠴᠠᠭᠠᠨ ᠤ ᠬᠠᠮᠳᠣ ᠶᠢᠨ ᠴᠠᠬᠠᠷ ᠬᠤᠨᠢ ᠶᠢ | ᠲᠠᠭᠠᠭᠠᠴᠢᠯᠠᠨ ᠮᠠᠯᠵᠢᠭᠤᠯᠵᠣ᠂ ᠮᠠᠯᠴᠢᠳ ᠤᠨ ᠢᠶᠠᠨ ᠣᠷᠣᠯᠭ᠎ᠠ ᠶᠢ ᠨᠡᠮᠡᠭᠳᠡᠬᠦᠯᠦᠭᠰᠡᠨ︾ ᠭᠡᠵᠤ ᠲᠣᠣᠯᠠ ᠶᠠᠷᠢᠯ᠎ᠠ᠃ | ᠲᠣᠣᠯᠠ᠂ ᠤᠷᠤᠨ ᠨᠤᠲᠤᠭ ᠤᠨ ᠪᠠᠶᠢᠳᠠᠯ ᠳᠤ ᠪᠠᠨ ᠲᠣᠬᠢᠷᠠᠭᠤᠯᠤᠨ ᠮᠠᠯ ᠠᠵᠤ ᠠᠬᠤᠶ ᠶᠢᠨ ᠦᠢᠯᠡᠳᠪᠦᠷᠢᠯᠡᠯ ᠢ ᠪᠥᠬᠦ | ᠲᠠᠯ᠎ᠠ ᠪᠠᠷ ᠬᠥᠭᠵᠢᠭᠦᠯᠵᠦ᠂ ᠮᠠᠯᠴᠢᠳ ᠤᠨ ᠠᠮᠢᠳᠤᠷᠠᠯ ᠢ ᠪᠦᠲᠦᠮᠵᠢᠲᠡᠶ ᠲᠡᠬᠡᠭᠰᠢᠯᠡᠬᠦᠯᠣᠨ᠂ ᠦᠨᠡᠨ ᠢ ᠪᠠᠷᠢᠮᠲᠠᠯᠠᠨ | ᠪᠣᠳᠠᠲᠠᠢ ᠶᠢ ᠡᠷᠬᠢᠮᠯᠡᠬᠦ ᠠᠵᠢᠯ ᠤᠨ ᠣᠪᠣᠷ᠂ ᠲᠥᠪ ᠭᠤᠣᠯᠴᠢ ᠠᠷᠢᠭᠤᠨ ᠴᠢᠬᠡᠴᠢ ᠠᠵᠢᠯ ᠤᠨ ᠰᠤᠷᠲᠠᠯ᠂ ᠠᠷᠠᠳ | ᠲᠦᠮᠡᠨ ᠳᠤ ᠦᠢᠯᠡᠴᠢᠯᠡᠬᠦ ᠠᠵᠢᠯ ᠤᠨ ᠬᠠᠯᠠᠭᠤᠨ ᠰᠡᠳᠬᠢᠯᠭᠡ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ | ᠦᠨᠳᠦᠰᠦᠨ ᠱᠠᠲᠤᠨ ᠳᠤ ᠦᠨᠳᠦᠰᠦᠯᠡᠭᠰᠡᠨ ᠰᠢᠯᠢᠳᠡᠭ ᠡᠪ ᠬᠠᠮᠲᠤ ᠨᠠᠮ ᠤᠨ ᠭᠡᠰᠢᠭᠦᠨ ᠤ ᠡᠭᠦᠷᠭᠡ ᠬᠠᠷᠢᠭᠤᠴᠠᠯᠭ᠎ᠠ ᠶᠢ | ᠪᠦᠬᠦ ᠲᠠᠯ᠎ᠠ ᠪᠠᠷ ᠦᠢᠯᠡᠳᠣᠬᠡᠵᠢᠬᠦᠯᠣᠭ᠍ᠰᠡᠬᠡᠷ ᠢᠷᠡᠵᠠᠢ᠃ ︽ᠲᠣᠣᠯᠠ ᠨᠦᠬᠦᠷ ᠪᠣᠯ ᠠᠵᠢᠯ ᠳᠤ ᠪᠠᠨ ᠬᠠᠷᠢᠭᠤᠴᠯᠠᠭ᠎ᠠ ᠲᠠᠢ᠂ | ᠠᠷᠠᠳ ᠲᠦᠮᠡᠨ ᠳᠤ ᠪᠠᠨ ᠬᠦᠷᠢᠶᠡᠯᠡᠯᠲᠠᠢ ᠦᠪᠡᠷ ᠤᠨ ᠡᠬᠦᠷᠬᠡ ᠬᠠᠷᠢᠭᠤᠴᠠᠯᠭ᠎ᠠ ᠪᠠᠨ ᠭᠦᠢᠴᠡᠳ ᠪᠠᠶᠠᠯᠡᠬᠦᠯᠳᠡᠭ᠂ ᠠᠵᠢᠯ | ᠳᠤ ᠪᠠᠨ ᠦᠨᠡᠨᠴᠢ ᠰᠢᠳᠣᠷᠭᠤ ᠬᠦᠮᠦᠨ᠃ ᠭᠠᠴᠠᠭᠠᠨ ᠤ ᠪᠠᠨ ᠬᠠᠮᠳᠣ ᠶᠢᠨ ᠠᠵᠣ ᠠᠬᠤᠢ ᠶᠢ ᠬᠦᠭᠵᠢᠬᠦᠯᠬᠦ᠂ ᠣᠯᠠᠨ | ᠲᠦᠮᠡᠨ ᠤ ᠬᠦᠴᠢᠷ ᠠᠰᠠᠭᠤᠳᠠᠯ ᠢ ᠰᠢᠢᠳᠪᠣᠷᠢᠯᠡᠬᠦ ᠵᠡᠷᠭᠡ ᠲᠠᠯ᠎ᠠ ᠳᠤ ᠬᠦᠴᠣᠯᠠᠨ ᠴᠢᠷᠮᠠᠶᠢᠵᠣ᠂ ᠣᠯᠠᠨ ᠤ ᠪᠠᠨ ᠢᠳᠡᠬᠡᠯ | ᠬᠦᠨᠳᠣ ᠶᠢ ᠣᠯᠣᠬᠰᠠᠨ ᠶᠤᠮ︔ ᠪᠢᠳᠠ ᠲᠡᠬᠦᠨ ᠠᠴᠠ ᠲᠠᠭᠠᠨ ᠰᠣᠷᠣᠯᠴᠠᠵᠣ᠂ ᠬᠦᠳᠡᠯᠮᠣᠷᠢ ᠶᠢᠨ ᠵᠢᠱᠢᠶᠡᠴᠢ ᠶᠢᠨ ᠵᠣᠷᠢᠭ | ᠰᠠᠨᠠᠭ᠎ᠠ ᠶᠢ ᠣᠯᠠᠮ ᠪᠠᠳᠠᠷᠠᠭᠤᠯᠵᠣ᠂ ᠬᠤᠶᠢᠰᠢᠳᠠ ᠶᠢᠨ ᠠᠵᠢᠯ ᠳᠤ ᠪᠠᠨ ᠣᠯᠠᠮ ᠴᠢᠷᠮᠠᠶᠢᠵᠤ ᠶᠠᠪᠤᠨ᠎ᠠ︾ ᠭᠡᠵᠤ ᠬᠦᠪᠡᠬᠡᠳᠣ | ᠰᠢᠷ᠎ᠡ ᠬᠤᠰᠢᠭᠤᠨ ᠤ ᠣᠩᠭᠤᠨ ᠠᠭᠤᠯᠠ ᠰᠣᠮᠣᠨ ᠤ ᠠᠵᠢᠯᠴᠢᠨ ᠤ ᠡᠪᠯᠡᠯ ᠤᠨ ᠲᠡᠷᠢᠬᠦᠯᠡᠭᠴᠢ ᠬᠦᠭᠵᠢᠯ ᠶᠠᠷᠢᠯ᠎ᠠ᠃ | ᠲᠤᠤᠯᠠ ᠨᠠᠮ ᠤᠨ ᠬᠡᠰᠢᠬᠦᠳ ᠢᠶᠠᠨ ᠳᠠᠭᠠᠭᠤᠯᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠢᠰᠲ᠋ᠧᠮ ᠲᠠᠢ ᠰᠤᠷᠤᠯᠴᠠᠬᠤ᠂ ᠰᠤᠷᠤᠯᠴᠠᠯᠭ᠎ᠠ ᠶᠢ ᠬᠡᠷ ᠲᠤᠨᠢ | ᠬᠦᠷᠭᠡᠬᠦ ᠶᠢ ᠪᠠᠷᠢᠮᠲᠠᠯᠠᠵᠤ᠂ ᠬᠠᠮᠤᠭ ᠤᠨ ᠰᠢᠨ᠎ᠡ ᠨᠠᠮ ᠤᠨ ᠭᠡᠰᠢᠭᠦᠨ ᠤ ᠰᠤᠷᠤᠯᠴᠠᠬᠤ ᠮᠠᠲ᠋ᠧᠷᠢᠶᠠᠯ ᠪᠣᠯᠤᠨ ᠮᠠᠯᠴᠢᠳ ᠲᠤ | ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠮᠠᠯᠵᠢᠬᠤ ᠡᠷᠦᠬᠡ ᠳᠤ ᠬᠦᠷᠬᠡᠬᠦ ᠶᠢᠨ ᠲᠠᠭᠠᠣ ᠮᠠᠯᠴᠢᠳ ᠲᠤ ᠨᠠᠮ ᠤᠨ | ᠲᠦᠷᠦ ᠶᠢᠨ ᠪᠤᠳᠤᠯᠭ᠎ᠠ ᠶᠢ ᠬᠦᠯᠢᠴᠡᠩᠭᠦᠢ ᠪᠠᠷ ᠤᠬᠠᠭᠤᠯᠵᠤ᠂ ᠵᠥᠪ ᠦᠷᠳᠡᠭ ᠤᠨ ᠦᠵᠡᠯᠲᠡ ᠶᠢ ᠪᠤᠢ ᠪᠣᠯᠭᠠᠬᠤ ᠪᠠᠷ | ᠴᠢᠷᠮᠠᠶᠢᠨ ᠠᠵᠢᠯᠯᠠᠵᠠᠢ᠃ ᠲᠡᠭᠦᠨ ᠤ ᠳᠠᠭᠠᠭᠤᠯᠭ᠎ᠠ ᠳᠣᠣᠷ᠎ᠠ᠂ ᠤᠩᠭᠤᠨ ᠠᠭᠤᠯᠠ ᠰᠣᠮᠣᠨ ᠤ ᠪᠣᠷᠣ ᠬᠤᠵᠢᠷ ᠭᠠᠴᠠᠭ᠎ᠠ ᠨᠢ | ᠠᠶᠢᠮᠠᠭ ᠤᠨ ᠲᠠᠰ ᠤᠨ ︽ᠲᠠᠪᠤᠨ ᠬᠦᠴᠦᠷᠬᠡᠭ︾ ᠭᠠᠴᠠᠭ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ︽ | ᠬᠠᠮᠤᠭ ᠤᠨ ᠬᠦᠴᠦᠷᠬᠡᠭ ᠨᠠᠮ ᠤᠨ ᠡᠭᠦᠷ︾ ᠤᠨ ᠵᠢᠱᠢᠶ᠎ᠡ ᠦᠵᠡᠭᠦᠯᠬᠦ ᠴᠡᠭ ᠵᠡᠷᠭᠡ ᠢᠷᠠᠭᠤ ᠠᠯᠳᠠᠷ ᠢ ᠬᠦᠷᠲᠡᠪᠡ᠃ | ᠲᠣᠣᠯᠠ 2019 ᠣᠨ ᠳᠤ ᠪᠦᠬᠦ ᠬᠤᠰᠢᠭᠤᠨ ᠤ ︽ᠰᠢᠯᠢᠳᠡᠭ ᠡᠪ ᠬᠠᠮᠲᠤ ᠨᠠᠮ ᠤᠨ ᠭᠡᠰᠢᠭᠦᠨ︾ ᠢᠶᠠᠷ | ᠰᠣᠩᠭᠤᠭᠳᠠᠵᠤ᠂ 2021 ᠣᠨ ᠳᠤ ᠰᠢᠯᠢ ᠶᠢᠨ ᠭᠤᠣᠯ ᠠᠶᠢᠮᠠᠭ ᠤᠨ ︽ᠰᠢᠯᠢᠳᠡᠭ ᠡᠪ ᠬᠠᠮᠲᠤ ᠨᠠᠮ ᠤᠨ ᠭᠡᠰᠢᠭᠦᠨ︾ | ᠢᠶᠠᠷ ᠦᠨᠡᠯᠡᠭᠳᠡᠵᠣ᠂ 2024 ᠣᠨ ᠳᠤ ︽ᠪᠦᠬᠦ ᠣᠷᠣᠨ ᠤ ᠬᠦᠳᠡᠭᠡ ᠲᠣᠰᠬᠤᠨ ᠢ ᠬᠦᠭᠵᠢᠬᠦᠯᠣᠨ ᠮᠠᠨᠳᠣᠭᠤᠯᠬᠤ ᠳᠤ | ᠬᠠᠷᠢᠭᠤᠴᠠᠯᠭ᠎ᠠ ᠡᠬᠦᠷᠬᠡᠯᠡᠵᠣ ᠵᠢᠳᠬᠦᠯ ᠴᠢᠷᠮᠠᠶᠢᠯᠭ᠎ᠠ ᠭᠠᠷᠭᠠᠬᠰᠠᠨ ᠰᠠᠶᠢᠨ ᠨᠠᠮ ᠤᠨ ᠡᠬᠦᠷ ᠤᠨ ᠱᠦᠵᠢ︾ ᠪᠠᠷ | ᠦᠨᠡᠯᠡᠭᠳᠡᠭᠰᠠᠨ ᠪᠠᠶᠢᠨ᠎ᠠ᠃ ︽ᠪᠢ ᠣᠷᠣᠨ ᠤ ᠲᠠᠰ ᠤᠨ ᠬᠦᠳᠡᠯᠮᠣᠷᠢ ᠶᠢᠨ ᠵᠢᠱᠢᠶᠡᠴᠢ ᠪᠣᠯᠣᠬᠰᠠᠨ ᠳᠤ ᠪᠠᠨ ᠰᠡᠳᠬᠢᠯ ᠮᠠᠰᠢ | ᠦᠨᠳᠣᠷ ᠪᠠᠶᠢᠨ᠎ᠠ︔ ᠬᠤᠶᠢᠰᠢᠳᠠ ᠪᠠᠨ ᠮᠠᠯᠴᠢᠨ ᠲᠦᠮᠡᠨ ᠲᠠᠢ ᠪᠠᠨ ᠣᠯᠠᠮ ᠢᠯᠡᠬᠦᠦ ᠨᠢᠬᠳᠠᠷᠠᠨ ᠪᠦᠯᠬᠦᠮᠳᠠᠵᠣ᠂ ᠮᠠᠯᠴᠢᠨ | ᠲᠦᠮᠡᠨ ᠢᠶᠠᠨ ᠲᠠᠭᠠᠭᠤᠯᠣᠨ ᠰᠢᠨ᠎ᠠ ᠬᠦᠳᠡᠭᠡ ᠲᠣᠰᠬᠤᠨ ᠢ ᠬᠦᠭᠵᠢᠬᠦᠯᠣᠨ ᠮᠠᠨᠳᠣᠭᠤᠯᠬᠤ ᠪᠠᠷ ᠤᠯᠠᠮ ᠢᠯᠡᠬᠦᠦ ᠴᠢᠷᠮᠠᠶᠢᠨ | ᠠᠵᠢᠯᠯᠠᠨ᠎ᠠ︾ ᠭᠡᠵᠤ ᠲᠣᠣᠯᠠ ᠶᠠᠷᠢᠯ᠎ᠠ᠃ | |