ᠤᠷᠠᠨ ᠵᠢᠷᠤᠭ ᠠᠴᠠ ᠤᠬᠠᠭᠠᠨ ᠤᠷᠭᠤᠭᠤᠯᠳᠠᠭ ᠸᠠᠩ ᠴᠢ ᠪᠠᠭᠰᠢ
ᠨᠡᠶᠢᠲᠡᠯᠡᠭᠰᠡᠨ ᠴᠠᠭ᠄
2025/5/14
     ᠸᠠᠩ ᠴᠢ ᠪᠣᠯ ᠬᠦᠪᠡᠭᠡᠲᠦ ᠰᠢᠷ᠎ᠠ ᠬᠤᠰᠢᠭᠤᠨ ᠤ ᠬᠤᠶᠠᠳᠤᠭᠠᠷ ᠪᠠᠭ᠎ᠠ ᠰᠤᠷᠭᠠᠭᠤᠯᠢ ᠶᠢᠨ ᠪᠠᠭᠠᠴᠤᠳ ᠤᠨ ᠬᠤᠰᠢᠭᠤᠴᠢ  ᠶᠡᠭᠡ ᠠᠩᠬᠢ ᠶᠢᠨ ᠬᠠᠪᠰᠤᠷᠤᠨ ᠵᠢᠯᠤᠭᠤᠳᠤᠬᠴᠢ᠂ ᠵᠢᠷᠤᠭ ᠤᠨ ᠪᠠᠭᠰᠢ ᠪᠤᠯᠤᠨ᠎ᠠ᠃ ᠲᠡᠷᠡ ᠳᠤᠬᠠᠶᠢᠯᠠᠭᠰᠠᠨ ᠠᠵᠢᠯ ᠳᠤ ᠪᠠᠨ ᠭᠠᠷᠮᠠᠭᠠᠶᠢᠯᠠᠨ ᠠᠵᠢᠯᠯᠠᠳᠠᠭ ᠠᠴᠠ ᠡᠨᠡ ᠵᠢᠯ ᠬᠤᠰᠢᠭᠤᠨ ᠠᠴᠠ ᠲᠠᠪᠤᠨ ᠰᠠᠷ᠎ᠠ ᠶᠢᠨ ᠳᠦᠷᠪᠡᠨ ᠤ ᠰᠢᠯᠢᠳᠡᠭ ᠵᠠᠯᠠᠭᠤ ᠪᠠᠷ ᠰᠤᠩᠭᠤᠨ ᠱᠠᠩᠨᠠᠵᠠᠢ᠃     ᠰᠤᠷᠪᠤᠯᠵᠢᠯᠠᠭᠴᠢ ᠶᠢ ᠬᠦᠷᠬᠦ ᠳᠤ᠂ ᠸᠠᠩ ᠴᠢ ᠪᠠᠭᠰᠢ ᠰᠤᠷᠤᠭᠴᠢᠳ ᠲᠤ ᠪᠠᠨ ᠤᠰᠤᠨ ᠪᠤᠳᠤᠭ ᠤᠨ ᠵᠢᠷᠤᠭ ᠵᠢᠷᠤᠬᠤ ᠶᠠᠪᠤᠴᠠ ᠶᠢ ᠨᠠᠷᠢᠨ ᠬᠢᠨᠠᠮᠠᠭᠠᠢ ᠵᠢᠭᠠᠵᠤ᠂ ᠴᠢᠳᠠᠬᠤ ᠦᠭᠡᠢ ᠵᠠᠷᠢᠮ ᠳᠤ ᠨᠢ ᠪᠡᠶᠡᠴᠢᠯᠡᠨ ᠵᠢᠷᠤᠵᠤ ᠤᠶᠢᠯᠠᠭᠠᠭᠤᠯᠤᠨ ᠦᠭᠴᠦ ᠪᠠᠶᠢᠯ᠎ᠠ᠃ ︽ᠸᠠᠩ ᠴᠢ ᠪᠠᠭᠰᠢ ᠬᠢᠴᠢᠶᠡᠯ ᠶᠠᠷᠢᠬᠤ ᠳᠠᠭᠠᠨ ᠲᠦᠢᠯ ᠤᠨ ᠨᠠᠷᠢᠨ ᠶᠠᠷᠢᠳᠠᠭ︔ ᠪᠠᠰᠠ ᠰᠠᠮᠪᠠᠷ᠎ᠠ ᠳᠡᠭᠡᠷ᠎ᠡ ᠦᠯᠢᠭᠡᠷ ᠵᠢᠱᠢᠶ᠎ᠡ ᠦᠵᠡᠭᠦᠯᠥᠨ ᠵᠢᠭᠠᠳᠠᠭ︔ ᠬᠢᠴᠢᠶᠡᠯ ᠶᠠᠷᠢᠬᠤ ᠳᠠᠭᠠᠨ ᠴᠤ ᠶᠡᠭᠡ ᠶᠦᠮᠦᠷᠯᠢᠭ ᠪᠠᠶᠢᠳᠠᠭ᠃ ᠵᠠᠷᠢᠮ ᠳᠠᠭᠠᠨ ᠪᠢᠳᠡᠨ ᠲᠠᠢ ᠥᠪᠡᠷ ᠤᠨ ᠥᠩᠭᠡᠷᠡᠯᠲᠡ ᠵᠢᠴᠢ ᠵᠢᠭᠠᠨ ᠰᠤᠷᠭᠠᠯᠲᠠ ᠶᠢᠨ ᠲᠤᠷᠰᠢᠯᠭ᠎ᠠ ᠪᠠᠨ ᠬᠤᠪᠢᠶᠠᠯᠴᠠᠳᠠᠭ᠂ ᠪᠢᠳᠡ ᠸᠠᠩ ᠴᠢ ᠪᠠᠭᠰᠢ ᠶᠢ ᠮᠠᠰᠢ ᠪᠢᠰᠢᠷᠡᠨ ᠪᠠᠭ᠋ᠠᠷᠬᠠᠳᠠᠭ︾ ᠭᠡᠵᠤ ᠰᠤᠷᠤᠭᠴᠢ ᠦ᠋ ᠢᠦᠢ ᠮᠠᠨ ᠶᠠᠷᠢᠯ᠎ᠠ᠃     ᠸᠠᠩ ᠴᠢ ᠪᠠᠭᠰᠢ ᠶᠢᠨ ᠨᠠᠷᠢᠨ ᠬᠢᠨᠠᠮᠠᠭᠠᠢ ᠵᠢᠭᠠᠨ ᠰᠤᠷᠭᠠᠬᠤ ᠠᠷᠭ᠎ᠠ ᠪᠠᠷᠢᠯ ᠨᠢ ᠬᠠᠮᠲᠦ ᠠᠵᠢᠯᠯᠠᠭᠰᠠᠳ ᠤᠨ ᠢᠶᠠᠨ ᠰᠠᠶᠢᠨ ᠦᠨᠡᠯᠡᠯᠲᠡ ᠶᠢ ᠴᠤ ᠤᠯᠤᠭᠰᠠᠨ ᠠᠴᠠ ᠰᠤᠷᠭᠠᠭᠤᠯᠢ ᠳᠤ ᠪᠠᠨ ᠵᠠᠯᠠᠭᠤ ᠪᠠᠭᠰᠢ ᠨᠠᠷ ᠤᠨ ᠲᠠᠭᠠᠨ ᠰᠤᠷᠤᠯᠴᠠᠬᠤ ᠳᠠᠭᠤᠷᠢᠶᠠᠯ ᠪᠤᠯᠤᠭᠰᠠᠨ ᠪᠠᠶᠢᠨ᠎ᠠ᠃ ᠪᠦᠬᠦ ᠣᠷᠣᠨ ᠤ ᠤᠷᠠᠨ ᠵᠢᠷᠤᠭ ᠤᠨ ᠪᠠᠭᠰᠢ ᠶᠢᠨ ᠦᠨᠳᠦᠰᠦᠨ ᠴᠢᠳᠠᠪᠤᠷᠢ ᠶᠢᠨ ᠤᠷᠤᠯᠳᠤᠭᠠᠨ ᠢ ᠪᠡᠯᠡᠳᠬᠡᠬᠦ ᠶᠢᠨ ᠲᠥᠯᠥᠭᠡ᠂ ᠲᠡᠷᠡ ᠡᠳᠦᠷ ᠲᠡᠭᠡᠨ ᠠᠩᠬᠢ ᠶᠢᠨ ᠬᠥᠳᠡᠯᠭᠡᠭᠡᠨ ᠢ ᠵᠢᠯᠣᠭᠤᠳᠴᠤ᠂ ᠰᠥᠨᠢ ᠳᠡᠭᠡᠨ ᠴᠠᠭ ᠨᠡᠮᠡᠵᠦ ᠵᠢᠷᠤᠭ ᠵᠢᠷᠤᠬᠤ ᠪᠠ ᠭᠠᠷ ᠤᠷᠠᠯᠠᠯ ᠬᠢᠬᠦ ᠢ ᠪᠤᠯᠪᠠᠰᠤᠷᠠᠭᠰᠠᠨ ᠠᠴᠠ ᠲᠤᠰᠬᠠᠢ ᠮᠡᠷᠭᠡᠵᠢᠯ ᠤᠨ ᠦᠨᠳᠦᠰᠦᠨ ᠪᠣᠯᠪᠠᠰᠤᠷᠠᠯ ᠢᠶᠠᠷ ᠢᠶᠠᠨ ᠬᠤᠶᠠᠳᠤᠭᠠᠷ ᠳᠡᠰ ᠤᠨ ᠱᠠᠩᠨᠠᠯ ᠬᠦᠷᠳᠡᠪᠡ︔ ︽ᠮᠠᠯᠵᠢᠬᠤ ᠣᠷᠣᠨ ᠤ ᠬᠡᠤᠬᠡᠳ ᠬᠤᠲᠠ ᠶᠢ ᠦᠵᠡᠬᠦ︾ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ ᠲᠥᠰᠦᠪᠯᠡᠬᠦ ᠶᠢᠨ ᠲᠥᠯᠥᠭᠡ᠂ ᠲᠡᠷᠡ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠲᠠᠢ ᠬᠤᠶᠠᠷ ᠭᠠᠷᠠᠭ ᠬᠠᠮᠳᠤᠷᠠᠨ ᠠᠵᠢᠯᠯᠠᠵᠤ᠂ 10 ᠮᠠᠯᠵᠢᠬᠤ ᠤᠷᠤᠨ ᠤ ᠬᠡᠤᠬᠡᠳ ᠢ ᠪᠡᠭᠡᠵᠢᠩ ᠳᠤ ᠣᠴᠢᠭᠤᠯᠤᠨ ᠪᠤᠯᠪᠠᠰᠤᠷᠠᠯ ᠳᠤ ᠰᠤᠷᠤᠯᠴᠠᠭᠤᠯᠵᠤ᠂ ᠬᠡᠤᠬᠡᠳ ᠤᠨ ︽ᠨᠡᠶᠢᠰᠯᠡᠯ ᠢ ᠦᠵᠡᠬᠦ ᠬᠦᠰᠡᠯ︾ ᠢ ᠪᠡᠶᠡᠯᠡᠬᠦᠯᠪᠡ᠃ ︽ᠸᠠᠩ ᠴᠢ ᠪᠠᠭᠰᠢ ᠠᠵᠢᠯ ᠠᠮᠢᠳᠤᠷᠠᠯ ᠤᠨ ᠳᠤᠮᠳᠠ ᠮᠠᠨ ᠤ ᠵᠠᠯᠠᠭᠤ ᠪᠠᠭᠰᠢ ᠶᠢᠨ ᠬᠡᠪ ᠳᠠᠭᠤᠷᠢᠶᠠᠯ ᠮᠥᠨ ᠃ ᠲᠡᠷᠡ ᠤᠬᠠᠭᠠᠯᠠᠨ ᠲᠥᠰᠦᠪᠯᠡᠬᠦ ᠠᠴᠠ ᠠᠪᠤᠭᠠᠳ ᠵᠣᠬᠢᠶᠠᠨ ᠪᠠᠶᠢᠭᠤᠯᠬᠤ ᠠᠵᠢᠯᠯᠠᠭ᠎ᠠ ᠥᠷᠨᠢᠭᠦᠯᠬᠦ ᠬᠦᠷᠲᠡᠯ᠎ᠡ ᠴᠥᠮ ᠰᠣᠨᠢᠷᠬᠠᠯᠲᠠᠶ ᠤᠳᠬ᠎ᠠ ᠠᠭᠤᠯᠭ᠎ᠠ ᠲᠠᠢ ᠠᠷᠭ᠎ᠠ ᠮᠠᠶ᠋ᠢᠭ ᠢᠶᠠᠷ  ᠰᠤᠷᠤᠭᠴᠢᠳ ᠢ ᠳᠠᠭᠠᠭᠤᠯᠤᠨ ᠠᠮᠢᠳᠤᠷᠠᠯ ᠤᠨ ᠠᠩᠬᠠᠨ ᠤ ᠬᠢᠴᠢᠶᠡᠯ ᠢ ᠤᠯᠠᠮᠵᠢᠯᠠᠨ ᠦᠭᠴᠦ ᠴᠢᠳᠠᠳᠠᠭ᠃ ᠲᠡᠷᠡ ᠠᠮᠢᠳᠤᠷᠠᠯ ᠳᠤᠮᠳᠠ ᠪᠠᠨ ᠪᠠᠰᠠ ᠨᠢᠭᠡᠨ ᠮᠠᠰᠢ ᠰᠣᠨᠢᠷᠬᠠᠯᠲᠠᠢ ᠬᠥᠮᠦᠨ ᠶᠤᠮ︔ ᠵᠢᠱᠢᠶᠡᠯᠡᠪᠡᠯ ᠲᠡᠭᠦᠨ ᠳᠤ ᠮᠠᠰᠢ ᠤᠯᠠᠨ ᠰᠣᠨᠢᠨ ᠰᠡᠪᠡᠭᠦᠨ ᠠᠷᠭ᠎ᠠ ᠪᠤᠳᠤᠯᠭ᠎ᠠ ᠲᠠᠢ᠂  ᠸᠠᠩ ᠴᠢ ᠪᠠᠭᠰᠢ ᠴᠤ ᠮᠠᠰᠢ ᠢᠳᠡᠪᠬᠢᠲᠡᠢ ᠪᠠᠶᠠᠰᠤᠩᠭᠤᠢ ᠥᠭᠡᠳᠡᠷᠬᠡᠭ ᠬᠥᠮᠦᠨ ᠶᠤᠮ︔ ᠲᠡᠷᠡ ᠪᠤᠯ ᠮᠠᠨ ᠤ ᠰᠢᠨ᠎ᠡ ᠴᠠᠭ ᠦᠶ᠎ᠡ ᠶᠢᠨ ᠵᠠᠯᠠᠭᠤ ᠪᠠᠭᠰᠢ ᠵᠢᠴᠢ ᠵᠠᠯᠠᠭᠤ ᠬᠠᠪᠰᠤᠷᠤᠨ ᠵᠢᠯᠤᠭᠤᠳᠤᠭᠴᠢ ᠶᠢᠨ ᠰᠠᠶᠢᠨ ᠰᠠᠶᠢᠬᠠᠨ ᠦᠯᠢᠭᠡᠷ ᠳᠠᠭᠤᠷᠢᠶᠠᠯ ᠪᠣᠯᠤᠨ᠎ᠠ︾ ᠭᠡᠵᠤ ᠬᠠᠮᠲᠤ ᠠᠵᠢᠯᠯᠠᠭᠴᠢ ᠪᠠᠭᠰᠢ ᠰᠢᠤᠢ ᠮᠧᠩ ᠶᠢᠩ ᠶᠠᠷᠢᠯ᠎ᠠ᠃     ᠣᠶᠢᠯᠠᠭᠠᠭᠰᠠᠨ ᠢᠶᠠᠷ᠂ 2015 ᠣᠨ ᠤ 9 ᠰᠠᠷ᠎ᠠ ᠳᠤ ᠰᠤᠷᠭᠠᠨ ᠬᠥᠮᠦᠵᠢᠯ ᠤᠨ ᠠᠵᠢᠯ ᠤᠨ ᠪᠠᠶᠢᠷᠢ ᠳᠤ ᠭᠠᠷᠤᠭᠰᠠᠨ ᠠᠴᠠ ᠨᠠᠰᠢ᠂ ᠸᠠᠩ ᠴᠢ ᠢᠮᠠᠭᠲᠠ ᠪᠠᠭᠠᠴᠤᠳ ᠤᠨ ᠬᠤᠰᠢᠭᠤᠴᠢ ᠠᠩᠭᠢ ᠪᠠᠷ ᠵᠢᠭᠰᠠᠭᠠᠯ ᠤᠨ ᠭᠠᠵᠠᠷ ᠪᠣᠯᠭᠠᠵᠤ ᠂ ᠭᠡᠰᠢᠭᠦᠳ ᠢᠶᠠᠨ ᠳᠠᠭᠠᠭᠤᠯᠤᠨ ᠰᠢᠨ᠎ᠡ ᠴᠠᠭ ᠦᠶ᠎ᠡ ᠶᠢᠨ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠤᠨ ᠡᠷᠡᠯᠬᠡᠭᠯᠡᠨ ᠤᠷᠤᠭᠰᠢᠯᠠᠬᠤ ᠬᠠᠭᠤᠳᠠᠰᠤ ᠶᠢ ᠪᠢᠴᠢᠭᠯᠡᠭᠰᠡᠭᠡᠷ ᠢᠷᠡᠵᠡᠶ᠃ 2022 ᠣᠨ ᠤ 11 ᠰᠠᠷ᠎ᠠ ᠳᠤ᠂ ᠲᠡᠭᠦᠨ ᠤ ᠳᠠᠭᠠᠭᠤᠯᠤᠭᠰᠠᠨ ᠪᠠᠭᠠᠴᠤᠳ ᠤᠨ ᠬᠤᠰᠢᠭᠤᠴᠢ ᠶᠡᠭᠡ ᠠᠩᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠤᠯᠠᠭᠠᠨ ᠪᠥᠴᠡᠲᠡᠨ ᠤ ᠱᠠᠩᠨᠠᠯ ᠤᠨ ᠲᠡᠮᠳᠡᠭ︾ ᠤᠨ ᠬᠠᠮᠲᠤ ᠶᠢᠨ ᠲᠦᠷᠪᠡᠨ ᠤᠳᠤᠨ ᠤ ᠲᠡᠮᠳᠡᠭ ᠢ ᠬᠦᠷᠳᠡᠪᠡ︔ 2023 ᠣᠨ ᠤ 12 ᠰᠠᠷ᠎ᠠ ᠳᠤ᠂ ᠪᠦᠬᠦ ᠤᠯᠤᠰ ᠤᠨ ︽ᠤᠯᠠᠭᠠᠨ ᠪᠥᠴᠡᠲᠡᠨ ᠤ ᠱᠠᠩᠨᠠᠯ︾ ᠤᠨ ᠬᠠᠮᠲᠤ ᠶᠢᠨ ᠲᠠᠪᠤᠨ ᠤᠳᠤᠨ ᠤ ᠲᠡᠮᠳᠡᠭ ᠢ ᠳᠠᠬᠢᠨᠲᠠ ᠬᠦᠷᠳᠡᠪᠡ︔ 2022 ᠣᠨ ᠤ 4 ᠰᠠᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠬᠡᠩᠭᠡᠷᠭᠡ ᠶᠢᠨ ᠪᠦᠷᠢᠶᠡᠨ ᠲᠠᠭᠤᠨ ᠨᠠᠮ ᠤᠨ ᠠᠴᠢ ᠶᠢ ᠮᠡᠳᠡᠷᠡᠭᠦᠯᠬᠦ︾ ᠪᠠᠭᠠᠴᠤᠳ ᠤᠨ ᠬᠤᠰᠢᠭᠤᠴᠢ ᠠᠩᠬᠢ ᠶᠢᠨ ᠬᠡᠩᠭᠡᠷᠭᠡ ᠶᠢᠨ ᠤᠷᠤᠯᠳᠤᠭᠠᠨ ᠳᠤ ᠭᠤᠷᠪᠠᠳᠤᠭᠠᠷ ᠳᠡᠰ ᠤᠨ ᠱᠠᠩᠨᠠᠯ ᠬᠦᠷᠳᠡᠪᠡ︔ 2024 ᠣᠨ ᠳᠤ᠂ ᠲᠡᠷᠡ ᠥᠪᠡᠷ ᠢᠶᠠᠨ ᠪᠦᠬᠦ ᠣᠷᠣᠨ ᠤ ᠪᠠᠭ᠎ᠠ ᠰᠤᠷᠭᠠᠭᠤᠯᠢ ᠶᠢᠨ ᠤᠷᠠᠨ ᠵᠢᠷᠤᠭ ᠤᠨ ᠪᠠᠭᠰᠢ ᠶᠢᠨ ᠦᠨᠳᠦᠰᠦᠨ ᠴᠢᠳᠠᠪᠤᠷᠢ ᠶᠢᠨ ᠤᠷᠤᠯᠳᠤᠭᠠᠨ ᠳᠤ ᠬᠤᠶᠠᠳᠤᠭᠠᠷ ᠳᠡᠰ ᠤᠨ ᠱᠠᠩᠨᠠᠯ ᠬᠦᠷᠳᠡᠪᠡ᠃ ︽ᠬᠤᠶᠢᠰᠢᠳᠠ ᠪᠢ ᠥᠪᠡᠷ ᠤᠨ ᠲᠤᠬᠠᠶᠢᠯᠠᠭᠰᠠᠨ ᠠᠵᠢᠯ ᠢᠶᠠᠨ ᠦᠷᠭᠦᠯᠵᠢᠯᠡᠨ ᠰᠠᠶᠢᠲᠤᠷ ᠬᠢᠵᠦ᠂ ᠤᠷᠠᠨ ᠵᠢᠷᠤᠭ ᠪᠠ ᠬᠤᠪᠢᠰᠬᠠᠯ ᠤᠨ ᠬᠥᠮᠦᠵᠢᠯ ᠤᠨ ᠭᠤᠤᠯ ᠰᠡᠳᠦᠪᠲᠦ ᠠᠵᠢᠯᠯᠠᠭ᠎ᠠ ᠵᠡᠷᠭᠡ ᠲᠠᠯ᠎ᠠ ᠪᠠᠷ᠂ ᠮᠠᠨ ᠤ ᠰᠤᠷᠭᠠᠭᠤᠯᠢ ᠶᠢᠨ ᠲᠣᠰ ᠪᠡᠶ᠎ᠡ ᠶᠢᠨ ᠨᠥᠬᠦᠴᠡᠯ ᠲᠠᠢ ᠪᠠᠨ ᠤᠶᠠᠯᠳᠤᠭᠤᠯᠤᠨ ᠦᠷᠭᠦᠯᠵᠢᠯᠡᠨ ᠬᠦᠨᠵᠡᠭᠡᠶᠢᠷᠡᠬᠦᠯᠵᠤ᠂ ᠤᠷᠠᠯᠢᠭ ᠤᠨ ᠬᠡᠯᠪᠡᠷᠢ ᠪᠠᠷ ᠰᠤᠷᠤᠭᠴᠢᠳ ᠤᠨ ᠤᠯᠤᠰ ᠬᠡᠷ ᠤᠨ ᠬᠠᠶᠢᠷ᠎ᠠ ᠰᠡᠳᠬᠢᠯᠭᠡ ᠶᠢ ᠵᠤᠵᠠᠭᠠᠳᠬᠠᠨ᠂ ᠤᠷᠠᠨ ᠵᠢᠷᠤᠭ ᠤᠨ ᠨᠡᠶᠢᠭᠡᠮᠯᠢᠭ ᠲᠤ ᠲᠦᠰᠢᠭᠯᠡᠨ ᠰᠠᠶᠢᠨ ᠳᠤᠷ᠎ᠠ ᠶᠢᠨ ᠦᠢᠯᠡᠴᠢᠯᠡᠭᠡ ᠥᠷᠨᠢᠭᠦᠯᠵᠦ᠂ ᠬᠠᠷᠢᠭᠤᠴᠠᠯᠭᠠᠲᠤ ᠤᠬᠠᠮᠰᠠᠷ ᠢᠶᠠᠨ ᠴᠢᠩᠭᠠᠳᠬᠠᠬᠤ ᠪᠠᠷ ᠲᠥᠯᠥᠪᠯᠡᠵᠦ ᠪᠠᠶᠢᠨ᠎ᠠ᠃ ᠵᠠᠯᠠᠭᠤ ᠪᠠᠭᠰᠢ ᠨᠠᠷ ᠤᠨ ᠬᠠᠮᠲᠤ ᠪᠠᠷ ᠡᠳ᠋ᠯᠡᠬᠦ ᠠᠵᠢᠯᠯᠠᠭ᠎ᠠ ᠶᠢᠨ ᠵᠢᠷᠤᠭ ᠲᠥᠯᠥᠪᠯᠡᠭᠡ ᠪᠣᠯᠤᠨ ᠤᠷᠠᠨ ᠵᠢᠷᠤᠭ ᠤᠨ ᠵᠢᠭᠠᠨ ᠰᠤᠷᠭᠠᠯᠲᠠ ᠶᠢ ᠠᠭᠤᠰᠤᠯᠴᠠᠭᠤᠯᠤᠭᠰᠠᠨ ᠲᠤᠷᠰᠢᠯᠭ᠎ᠠ ᠲᠠᠢ ᠤᠶᠠᠯᠳᠤᠭᠤᠯᠵᠤ᠂ ᠤᠷᠠᠯᠢᠭ ᠤᠨ ᠠᠷᠭ᠎ᠠ ᠪᠠᠷᠢᠯ ᠢᠶᠠᠷ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯ ᠤᠨ ᠲᠠᠲᠠᠬᠤ ᠬᠦᠴᠦᠨ ᠢ ᠨᠡᠮᠡᠭᠳᠡᠭᠦᠯᠦᠨ᠎ᠡ︾ ᠭᠡᠵᠤ ᠸᠠᠩ ᠴᠢ ᠪᠠᠭᠰᠢ ᠶᠠᠷᠢᠯ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号