ᠲᠠᠪᠤᠨ ᠰᠠᠷ᠎ᠠ ᠶᠢᠨ ᠠᠮᠠᠷᠠᠯᠲᠠ ᠳᠤ ᠣᠯᠠᠨ ᠨᠡᠶᠢᠲᠡ ᠶᠢᠨ ᠰᠣᠶᠣᠯ ᠵᠤᠭᠠᠴᠠᠯ ᠤᠨ ᠲᠠᠯᠠᠪᠤᠷ ᠠᠮᠠᠷᠠᠬᠤ ᠦᠭᠡᠢ
ᠨᠡᠶᠢᠲᠡᠯᠡᠭᠰᠡᠨ ᠴᠠᠭ᠄
2025/5/14
     ᠥᠷᠭᠡᠨ ᠤᠯᠠᠨ ᠰᠠᠭᠤᠭᠠᠯᠢ ᠠᠷᠠᠳ ᠪᠠ ᠵᠤᠭᠠᠴᠠᠭᠰᠠᠳ ᠤᠨ ᠠᠮᠠᠷᠠᠯᠲᠠ ᠶᠢᠨ ᠡᠳᠦᠷ ᠤᠨ ᠰᠣᠶᠣᠯ ᠤᠨ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠬᠥᠪᠡᠭᠡᠲᠦ ᠰᠢᠷ᠎ᠠ ᠬᠤᠰᠢᠭᠤᠨ ᠤ ᠮᠤᠩᠭᠤᠯ ᠠᠳᠤᠭᠤᠨ ᠰᠣᠶᠣᠯ ᠤᠨ ᠮᠦᠽᠧᠢ 5 ᠰᠠᠷ᠎ᠠ ᠶᠢᠨ 1 ᠠᠴᠠ 5 ᠤ ᠡᠳᠦᠷ ᠪᠣᠯᠲᠠᠯ᠎ᠠ ᠬᠡᠪ ᠤᠨ ᠪᠠᠶᠢᠳᠠᠯ ᠢᠶᠠᠷ ᠠᠵᠢᠯᠯᠠᠬᠤ ᠪᠠᠷ ᠪᠠᠶᠢᠨ᠎ᠠ᠃     ᠬᠥᠪᠡᠭᠡᠲᠦ ᠰᠢᠷ᠎ᠠ ᠬᠤᠰᠢᠭᠤᠨ ᠤ ᠮᠤᠩᠭᠤᠯ ᠠᠳᠤᠭᠤᠨ ᠰᠣᠶᠣᠯ ᠤᠨ ᠮᠦᠽᠧᠢ ᠪᠤᠯ 2008 ᠣᠨ ᠳᠤ ᠪᠠᠶᠢᠭᠤᠯᠤᠭᠳᠠᠭᠰᠠᠨ᠂ ᠪᠦᠬᠦ ᠤᠯᠤᠰ ᠤᠨ ᠠᠩᠬᠠᠳᠠᠭᠴᠢ ᠮᠣᠩᠭᠤᠯ ᠠᠳᠤᠭᠤᠨ ᠤ ᠰᠣᠶᠣᠯ ᠤᠨ ᠲᠤᠰᠬᠠᠢ ᠰᠡᠳᠦᠪᠲᠦ ᠮᠦᠽᠧᠢ ᠪᠠᠶᠢᠵᠤ᠂ ᠤᠯᠤᠰ ᠤᠨ AA ᠳᠡᠰ ᠤᠨ ᠵᠤᠭᠠᠴᠠᠯ ᠤᠨ ᠴᠡᠭ ᠪᠣᠯᠤᠨ᠎ᠠ᠃ ᠪᠠᠷᠢᠯᠭ᠎ᠠ ᠶᠢᠨ ᠲᠠᠯᠠᠪᠠᠶ ᠨᠢ 600 ᠲᠡᠭᠰᠢ ᠳᠥᠷᠪᠡᠯᠵᠢᠨ ᠮᠧᠲᠷ᠂ ᠳᠡᠭᠡᠷ᠎ᠡ ᠳᠣᠣᠷ᠎ᠠ ᠬᠤᠶᠠᠷ ᠳᠠᠪᠬᠤᠷ ᠪᠠᠶᠢᠵᠤ᠂ ᠣᠳᠣ 426 ᠵᠦᠢᠯ ᠤᠨ ᠠᠳᠤᠭᠤᠨ ᠰᠤᠶᠤᠯ ᠤᠨ ᠬᠠᠮᠢᠶᠠᠲᠠᠢ ᠡᠯᠪᠡᠭ ᠳᠡᠯᠪᠡᠭ ᠤᠷᠠᠯᠠᠯ ᠪᠦᠲᠦᠭᠡᠯ ᠵᠢᠴᠢ ᠡᠷᠲᠡᠨ ᠤ ᠡᠳ᠋ᠯᠡᠯ ᠬᠡᠷᠡᠭᠰᠡᠯ᠂ ᠲᠡᠤᠬᠡᠨ ᠳᠤᠷᠠᠰᠬᠠᠯᠲᠦ ᠵᠦᠢᠯᠡᠰ ᠢ ᠳᠡᠯᠭᠡᠨ ᠦᠵᠡᠭᠦᠯᠵᠤ ᠪᠠᠶᠢᠳᠠᠭ᠃ ︽ᠠᠳᠤᠭᠤᠨ ᠰᠣᠶᠣᠯ ᠢ ᠲᠤᠭᠤᠷᠢᠨ ᠦᠵᠡᠭᠴᠢᠳ ᠲᠤ ᠨᠡᠩ ᠰᠠᠶᠢᠨ ᠣᠶᠢᠯᠠᠭᠠᠭᠤᠯᠬᠤ ᠶᠢᠨ ᠲᠥᠯᠥᠭᠡ᠂ ᠮᠦᠽᠧᠶ ᠨᠢ ᠲᠠᠪᠤᠨ ᠰᠠᠷ᠎ᠠ ᠶᠢᠨ ᠨᠢᠭᠡᠨ ᠤ ᠬᠤᠭᠤᠴᠠᠭᠠᠨ ᠳᠤ ᠠᠮᠠᠷᠠᠬᠤ ᠦᠭᠡᠢ ᠪᠦᠭᠡᠳ ᠲᠤᠰᠬᠠᠶ ᠮᠡᠷᠭᠡᠵᠢᠯ ᠤᠨ ᠲᠠᠶᠢᠯᠪᠤᠷᠢᠯᠠᠭᠴᠢ ᠲᠣᠬᠢᠷᠠᠭᠤᠯᠵᠤ᠂ ᠦᠵᠡᠭᠦᠯᠦᠯᠭᠡ ᠶᠢᠨ ᠵᠦᠢᠯ ᠪᠣᠯᠭᠠᠨ ᠤ ᠠᠷᠤ ᠳᠠᠬᠢ ᠦᠯᠢᠭᠡᠷ ᠵᠢᠴᠢ ᠮᠣᠩᠭᠤᠯ ᠮᠣᠷᠢᠨ ᠤ ᠮᠣᠩᠭᠤᠯ ᠦᠨᠳᠦᠰᠦᠲᠡᠨ ᠤ ᠲᠡᠦᠬᠡ ᠰᠣᠶᠣᠯ ᠳᠤ ᠦᠵᠡᠬᠦᠯᠦᠭᠰᠡᠨ ᠨᠦᠯᠦᠭᠡ ᠶᠢ ᠨᠠᠷᠢᠨ ᠲᠠᠶᠢᠯᠪᠤᠷᠢᠯᠠᠵᠤ ᠥᠭᠬᠦ ᠪᠠᠷ ᠪᠤᠢ︾ ᠭᠡᠵᠤ ᠮᠤᠩᠭᠤᠯ ᠠᠳᠤᠭᠤᠨ ᠰᠣᠶᠣᠯ ᠤᠨ ᠮᠦᠽᠧᠢ ᠶᠢᠨ ᠠᠵᠢᠯᠲᠠᠨ ᠠᠯᠢᠶ᠎ᠠ ᠶᠠᠷᠢᠯ᠎ᠠ᠃     ᠮᠤᠩᠭᠤᠯ ᠠᠳᠤᠭᠤᠨ ᠰᠣᠶᠣᠯ ᠤᠨ ᠮᠦᠽᠧᠢ ᠠᠴᠠ ᠭᠠᠳᠠᠨ᠎ᠠ᠂ ᠬᠥᠪᠡᠭᠡᠲᠦ ᠰᠢᠷ᠎ᠠ ᠬᠤᠰᠢᠭᠤ ᠨᠢ ᠪᠠᠰᠠ ᠬᠠᠶ᠋ᠢᠩᠬᠢᠷᠸ᠎ᠠ ᠰᠦᠮ᠎ᠡ᠂ ᠤᠩᠭᠤᠨᠨᠠᠭᠤᠷ ᠷᠠᠰᠢᠶᠠᠨ᠂ ᠬᠤᠯᠠᠨ ᠰᠢᠷᠭ᠎ᠠ ᠳᠠᠭ᠎ᠠ ᠶᠢᠨ ᠡᠯᠡᠰᠦᠨ ᠤ ᠮᠠᠰᠢᠨ ᠲᠡᠷᠭᠡ ᠪᠠᠷ ᠵᠤᠭᠠᠴᠠᠬᠤ ᠲᠣᠭᠤᠷᠢᠭ᠂ ᠠᠭᠠᠷ ᠠᠶᠠᠯᠠᠯ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠣᠷᠳᠣᠨ ᠵᠡᠷᠭᠡ ᠰᠣᠶᠣᠯ ᠵᠤᠭᠠᠴᠠᠯ ᠤᠨ ᠲᠦᠷᠦᠯ ᠵᠦᠢᠯ ᠲᠠᠢ ᠪᠠᠶᠢᠵᠤ᠂ ᠵᠢᠭᠤᠯᠴᠢᠯᠠᠭᠰᠠᠳ ᠢ ᠬᠦᠯᠢᠶᠡᠨ ᠵᠤᠴᠢᠯᠠᠬᠤ ᠪᠠᠷ ᠪᠡᠯᠡᠭᠡᠨ ᠪᠤᠯᠤᠭᠠᠳ ᠪᠤᠢ᠃ ᠵᠢᠭᠤᠯᠴᠢᠯᠠᠯ ᠤᠨ ᠤᠯᠠᠷᠢᠯ ᠳᠤ ᠬᠦᠪᠡᠭᠡᠲᠦ ᠰᠢᠷ᠎ᠠ ᠬᠤᠰᠢᠭᠤ ᠨᠢ ᠣᠪᠣᠭᠠᠨ ᠳᠠᠬᠢᠯᠭ᠎ᠠ ᠶᠢ ᠪᠠᠭᠳᠠᠭᠠᠭᠰᠠᠨ 40 ᠭᠠᠷᠤᠶ ᠠᠷᠠᠳ ᠤᠨ ᠵᠠᠩ ᠦᠢᠯᠡ ᠶᠢᠨ ᠨᠠᠭᠠᠳᠤᠮ ᠤᠨ ᠲᠦᠷᠦᠯ ᠵᠦᠢᠯ ᠢ ᠡᠷᠬᠢᠯᠡᠨ ᠶᠠᠪᠤᠭᠳᠠᠭᠤᠯᠬᠤ ᠪᠠᠷ ᠪᠠᠶᠢᠨ᠎ᠠ᠃     ᠬᠥᠪᠡᠭᠡᠲᠦ ᠰᠢᠷ᠎ᠠ ᠬᠤᠰᠢᠭᠤ ᠠᠮᠠᠷᠠᠯᠲᠠ ᠶᠢᠨ ᠬᠤᠭᠤᠴᠠᠭᠠᠨ ᠳᠤ ᠠᠯᠢ ᠤᠯᠠᠨ ᠪᠠᠶᠠᠯᠢᠭ ᠰᠠᠶᠢᠬᠠᠨ ᠰᠣᠶᠣᠯ ᠵᠤᠭᠠᠴᠠᠯ ᠤᠨ ᠠᠵᠢᠯᠯᠠᠭ᠎ᠠ ᠪᠠᠷ ᠳᠠᠮᠵᠢᠭᠤᠯᠵᠤ᠂ ᠰᠣᠶᠣᠯ ᠲᠠᠮᠢᠷ ᠪᠣᠯᠤᠨ ᠵᠤᠭᠠᠴᠠᠯ ᠢ ᠣᠷᠭᠠᠨᠢᠭ ᠢᠶᠠᠷ ᠠᠭᠤᠰᠤᠯᠴᠠᠭᠤᠯᠵᠤ᠂ ᠲᠤᠬᠠᠢ ᠶᠢᠨ ᠭᠠᠵᠠᠷ ᠤᠨ ᠰᠣᠶᠣᠯ ᠵᠤᠭᠠᠴᠠᠯ ᠤᠨ ᠦᠢᠯᠡᠰ ᠤᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠦ᠂ ᠬᠥᠪᠡᠭᠡᠲᠦ ᠰᠢᠷ᠎ᠠ ᠬᠤᠰᠢᠭᠤᠨ ᠤ ᠰᠣᠶᠣᠯ ᠵᠤᠭᠠᠴᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠪᠠᠶᠢᠨ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号