ᠰᠠᠭᠠᠯᠢ ᠳᠡᠭᠡᠳᠦᠯᠡᠭᠰᠡᠨ ᠬᠦᠳᠡᠯᠮᠦᠷᠢᠴᠢᠨ ᠪᠦᠰᠡᠬᠦᠢ ᠨᠠᠷᠠᠩᠭᠤᠸ᠎ᠠ
ᠨᠡᠶᠢᠲᠡᠯᠡᠭᠰᠡᠨ ᠴᠠᠭ᠄
2025/5/14
     ᠬᠦᠪᠡᠬᠡᠳᠣ ᠰᠢᠷ᠎ᠡ ᠬᠤᠰᠢᠭᠤᠨ ᠤ ︽ᠰᠠᠭᠠᠯᠢ ᠶᠢᠨ ᠲᠡᠬᠡᠵᠢ︾ ᠰᠦᠨ ᠤ ᠦᠢᠯᠡᠰ ᠤᠨ ᠬᠢᠵᠠᠭᠠᠷᠳᠣ ᠺᠣᠮᠫᠠᠨᠢ ᠶᠢᠨ ᠡᠵᠡᠩᠨᠡᠭᠴᠢ ᠨᠠᠷᠠᠩᠭᠤᠸ᠎ᠠ ᠪᠣᠯ ᠴᠠᠭᠠᠨ ᠢᠳᠡᠬᠡᠨ ᠤ ᠦᠢᠯᠡᠰ ᠡᠷᠬᠢᠯᠡᠵᠤ᠂ ᠠᠵᠣ ᠠᠬᠤᠶᠢᠯᠠᠯ ᠡᠵᠡᠩᠨᠡᠨ᠂ ᠠᠰᠢᠭ ᠤᠷᠤᠯᠭ᠎ᠠ ᠦᠯᠡᠮᠵᠢ ᠬᠢᠯᠠᠷᠠᠵᠤ ᠶᠠᠪᠤᠭ᠎ᠠ ᠰᠠᠭᠠᠯᠢᠴᠢᠨ ᠪᠦᠰᠡᠬᠦᠢ ᠶᠤᠮ᠃ ᠲᠡᠷᠡ ᠥᠪᠡᠷ ᠤᠨ ᠪᠣᠳᠠᠲᠤ ᠠᠵᠢᠯᠯᠠᠭ᠎ᠠ ᠪᠠᠷ ᠢᠶᠠᠨ ᠨᠤᠲᠤᠭ ᠤᠰᠤᠨ ᠤ ᠪᠠᠨ ᠡᠮᠡᠭᠲᠡᠶᠢᠴᠦᠳ ᠢ ᠳᠠᠭᠠᠭᠤᠯᠤᠨ ᠦᠢᠯᠡᠰ ᠪᠤᠰᠬᠠᠵᠤ ᠬᠦᠳᠠᠯᠮᠣᠷᠢ ᠶᠢᠨ ᠵᠢᠱᠢᠶᠡᠴᠢ ᠶᠢᠨ ᠡᠬᠦᠷᠬᠡ ᠬᠠᠷᠢᠭᠤᠴᠠᠯᠭ᠎ᠠ ᠪᠠᠨ ᠬᠦᠢᠴᠡᠳᠬᠡᠵᠣ ᠶᠠᠪᠣᠨ᠎ᠠ᠃     ᠰᠣᠷᠪᠣᠯᠵᠢᠯᠠᠬᠴᠢ᠂ ︽ᠰᠠᠭᠠᠯᠢ ᠶᠢᠨ ᠲᠡᠬᠡᠵᠢ︾ ᠰᠦᠨ ᠤ ᠦᠢᠯᠡᠰ ᠤᠨ ᠬᠢᠵᠠᠭᠠᠷᠳᠣ ᠺᠣᠮᠫᠠᠨᠢ ᠳᠤ ᠬᠦᠷᠬᠦ ᠳᠤ᠂ ᠨᠠᠷᠠᠩᠭᠤᠸ᠎ᠠ ᠠᠵᠢᠯᠴᠢᠨ ᠲᠠᠢ ᠪᠠᠨ ᠬᠠᠮᠲᠦ ᠪᠠᠷ ᠬᠤᠷᠣᠳ ᠬᠢᠭᠡᠳ ᠶᠠᠭᠠᠷᠠᠯᠳᠤᠵᠣ ᠪᠠᠶᠢᠯ᠎ᠠ᠃ ᠨᠠᠷᠠᠩᠭᠤᠸ᠎ᠠ 2000 ᠣᠨ  ᠠᠴᠠ ᠡᠬᠢᠯᠡᠵᠣ ᠴᠠᠭᠠᠨ ᠢᠳᠡᠭᠡ ᠬᠢᠵᠣ᠂ ᠥᠪᠡᠷ ᠤᠨ ᠠᠵᠢᠯᠴᠢ ᠬᠤᠶᠠᠷ ᠭᠠᠷ ᠲᠤ ᠪᠠᠨ ᠲᠦᠰᠢᠭᠯᠡᠵᠦ᠂ ᠬᠡᠳᠦᠨ ᠠᠷᠪᠠᠨ ᠵᠢᠯ ᠤᠨ ᠲᠤᠷᠰᠢ ᠨᠢᠭᠡ ᠡᠳᠦᠷ ᠮᠡᠲᠦ ᠮᠡᠷᠡᠶᠢᠵᠤ᠂ ︽ᠬᠡᠷᠡᠭᠯᠡᠭᠴᠢ ᠪᠠᠨ ᠲᠡᠬᠡᠳᠣᠯᠠᠬᠦ᠂ ᠴᠢᠨᠠᠷ ᠰᠠᠶᠢᠲᠠᠶ ᠠᠮᠤᠷ ᠲᠦᠪᠰᠢᠨ᠂ ᠲᠠᠰᠤᠷᠠᠯᠲᠠ ᠥᠬᠡᠶ ᠰᠢᠨ᠎ᠡ ᠶᠢ ᠡᠭᠦᠳᠬᠦ᠂ ᠦᠷᠭᠦᠯᠵᠢᠯᠡᠨ ᠬᠥᠭᠵᠢᠭᠦᠯᠬᠦ︾ ᠡᠵᠡᠩᠨᠡᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠵᠢᠯ ᠳᠤ ᠪᠠᠨ 550 ᠲᠣᠨ ᠰᠦ ᠪᠣᠯᠪᠠᠰᠣᠷᠠᠭᠤᠯᠣᠨ᠂ ᠣᠯᠠᠮᠵᠢᠯᠠᠯᠳᠣ ᠠᠷᠭ᠎ᠠ ᠪᠠᠷ ᠴᠠᠭᠠᠨ ᠢᠳᠡᠭᠡ ᠬᠢᠵᠣ᠂ ᠪᠣᠬᠢᠷᠲᠤᠯ ᠥᠬᠡᠶ ᠴᠠᠭᠠᠨ ᠢᠳᠡᠭᠡᠨ ᠤ ᠨᠠᠷᠠᠲᠤ ᠲᠡᠮᠳᠡᠭᠲᠦ ᠶᠢ ᠡᠬᠦᠳᠦᠨ᠂ ᠴᠠᠭᠠᠨ ᠢᠳᠡᠭᠡ ᠨᠢ ᠬᠡᠷᠡᠭᠯᠡᠭᠴᠢᠳ ᠤᠨ ᠲᠠᠭᠠᠰᠢᠶᠠᠯ ᠢ ᠣᠯᠵᠤ᠂ ᠦᠷᠭᠦᠯᠵᠢ ᠵᠠᠬᠢᠶᠠᠯᠠᠭ᠎ᠠ ᠨᠢ ᠬᠡᠷᠡᠭᠴᠡᠭᠡ ᠳᠤ ᠪᠠᠨ ᠬᠦᠷᠬᠦ ᠦᠭᠡᠢ ᠪᠠᠶᠢᠳᠠᠯ ᠭᠠᠷᠳᠠᠭ ᠪᠠᠶᠢᠨ᠎ᠠ᠃ ︽ᠮᠠᠨᠠᠶᠢᠬᠢ ᠴᠠᠭᠠᠨ ᠢᠳᠡᠬᠡᠨ ᠤ ᠨᠡᠷᠡᠳᠣ ᠲᠡᠮᠳᠡᠭ ᠡᠬᠦᠳᠬᠦ ᠪᠠᠷ ᠬᠠᠷᠠᠯᠳᠠ ᠪᠣᠯᠭᠠᠨ ᠡᠳᠣᠷ ᠪᠦᠷᠢ ᠰᠦ ᠳᠤ ᠪᠠᠨ ᠪᠠᠶᠢᠴᠠᠭᠠᠯᠳᠠ ᠬᠢᠵᠣ᠂ ᠰᠦᠨ ᠤ ᠢᠷᠠᠯᠳᠠ ᠠᠴᠠ ᠡᠬᠢᠯᠡᠬᠡᠳ᠂ ᠲᠦᠬᠦᠬᠡᠢ ᠰᠦᠨ ᠤ ᠬᠢᠨᠠᠯᠳᠠ ᠬᠠᠮᠢᠶᠠᠷᠣᠯᠳᠠ᠂ ᠴᠠᠭᠠᠨ ᠢᠳᠡᠬᠡᠨ ᠤ ᠠᠶᠣᠯᠬᠦᠢ ᠬᠠᠮᠢᠶᠠᠷᠣᠯᠳᠠ ᠶᠢ ᠴᠢᠩᠭᠠᠳᠬᠠᠨ᠂ ᠢᠳᠡᠬᠡᠨ ᠤ ᠠᠮᠣᠷ ᠲᠦᠪᠰᠢᠨ ᠢ ᠪᠠᠳᠣᠯᠠᠵᠣ ᠴᠢᠳᠠᠬᠰᠠᠨ ᠠᠴᠠ ᠮᠠᠨ ᠤ ᠣᠯᠠᠮᠵᠢᠯᠠᠯᠳᠣ ᠴᠠᠭᠠᠨ ᠢᠳᠡᠭᠡ ᠵᠠᠬ᠎ᠠ ᠲᠡᠯᠬᠡᠬᠦᠷ ᠲᠤ ᠤᠷᠤᠨ ᠪᠠᠶᠢᠷᠢ ᠪᠠᠨ ᠤᠯᠵᠤ ᠴᠢᠳᠠᠬᠰᠠᠨ ᠪᠠᠶᠢᠨ᠎ᠠ︾ ᠭᠡᠵᠤ ᠨᠠᠷᠠᠩᠭᠤᠸ᠎ᠠ ᠰᠤᠷᠪᠤᠯᠵᠢᠯᠠᠭᠴᠢ ᠳᠤ ᠶᠠᠷᠢᠯ᠎ᠠ᠃     ᠲᠡᠯᠬᠡᠬᠦᠷ ᠢᠶᠠᠨ ᠣᠯᠠᠮ ᠦᠷᠭᠡᠳᠬᠡᠬᠦ ᠶᠢᠨ ᠲᠦᠯᠣᠬᠡ ᠨᠠᠷᠠᠩᠭᠤᠸ᠎ᠠ ᠣᠣᠯ ᠤᠨ ᠣᠯᠠᠮᠵᠢᠯᠠᠯᠳᠣ ᠭᠠᠷ ᠦᠢᠯᠡᠳᠬᠡᠯ ᠤᠨ ᠭᠠᠵᠠᠷ ᠲᠤ ᠪᠠᠨ ᠣᠳᠣᠬᠢᠴᠢᠯᠠᠬᠰᠠᠨ ᠮᠠᠰᠢᠨ ᠲᠦᠬᠦᠬᠡᠷᠣᠮᠵᠢ ᠣᠷᠣᠭᠤᠯᠣᠨ ᠪᠠᠯᠡ ᠣᠷᠣᠭᠤᠯᠣᠯᠳᠠ ᠪᠠᠨ ᠨᠡᠮᠡᠭᠳᠡᠬᠦᠯᠵᠤ᠂ 2018 ᠣᠨ ᠳᠤ ︽ᠰᠠᠭᠠᠯᠢ ᠶᠢᠨ ᠲᠡᠬᠡᠵᠢ︾ ᠰᠦᠨ ᠤ ᠦᠢᠯᠡᠰ ᠤᠨ ᠬᠢᠵᠠᠭᠠᠷᠳᠣ ᠺᠣᠮᠫᠠᠨᠢ ᠪᠠᠨ ᠲᠠᠩᠰᠠᠯᠠᠭᠤᠯᠪᠠ᠃ ᠣᠳᠣ ᠺᠣᠮᠫᠠᠨᠢ ᠨᠢ 300 ᠲᠡᠭᠰᠢ ᠲᠦᠷᠪᠡᠯᠵᠢᠨ ᠮᠧᠲᠷ ᠤᠨ ᠦᠢᠯᠡᠳᠪᠣᠷᠢᠯᠡᠯ ᠤᠨ ᠲᠣᠭᠤᠷᠢᠭ ᠲᠠᠢ ᠪᠠᠶᠢᠵᠣ᠂ ᠪᠦᠲᠦᠭᠡᠭᠳᠡᠬᠦᠨ ᠨᠢ ᠥᠪᠥᠷ ᠮᠣᠩᠭᠤᠯ ᠣᠷᠣᠨ ᠤ ᠡᠯ᠎ᠡ ᠠᠶᠢᠮᠠᠭ ᠬᠤᠲᠠ ᠪᠠ ᠪᠡᠭᠡᠵᠢᠩ᠂ ᠱᠠᠩᠬᠠᠶ ᠵᠡᠷᠭᠡ ᠶᠡᠭᠡ ᠬᠤᠲᠠ ᠳᠤ ᠲᠣᠬᠳᠠᠬᠰᠠᠨ ᠵᠠᠬᠢᠶᠠᠯᠠᠭ᠎ᠠ ᠲᠠᠢ ᠪᠣᠯᠵᠣ᠂  ᠪᠦᠬᠦ ᠣᠷᠣᠨ ᠤ ᠴᠠᠭᠠᠨ ᠢᠳᠡᠬᠡᠨ ᠤ ᠠᠵᠣ ᠠᠬᠤᠶᠢᠯᠡᠯ ᠤᠨ ᠲᠣᠮᠳᠠᠬᠢ ᠰᠢᠯᠢᠳᠡᠭ ᠠᠵᠣ ᠠᠬᠤᠶᠢᠯᠡᠯ ᠪᠣᠯᠣᠬᠰᠠᠨ ᠪᠠᠶᠢᠨ᠎ᠠ᠃     ᠨᠠᠷᠠᠩᠭᠤᠸ᠎ᠠ 2020 ᠣᠨ ᠳᠤ ︽ᠶᠣᠰᠣᠯᠠᠯ ᠤᠨ ᠬᠤᠷᠣᠳ︾ ᠢᠶᠠᠷ ᠢᠶᠠᠨ ᠬᠢᠨᠢᠰ ᠤᠨ ᠲᠡᠮᠳᠡᠭᠯᠡᠯ ᠳᠤ ᠨᠡᠷ᠎ᠡ ᠪᠦᠷᠢᠳᠬᠡᠬᠦᠯᠵᠤ᠂ ᠪᠦᠲᠦᠭᠡᠭᠳᠡᠬᠦᠨ ︽ᠬᠥᠪᠡᠭᠡᠲᠦ ᠰᠢᠷ᠎ᠠ ᠬᠤᠰᠢᠭᠤᠨ ᠤ ᠰᠢᠷ᠎ᠠ ᠲᠣᠰᠣ︾ ᠨᠢ 2023 ᠣᠨ ᠤ ᠬᠤᠶᠠᠳᠤᠭᠠᠷ ᠪᠦᠯᠦᠭ ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠤᠨ ᠵᠢᠭᠰᠠᠭᠠᠯᠲᠠ ᠳᠤ ᠪᠦᠷᠢᠳᠬᠡᠬᠦᠯᠦᠭᠰᠡᠨ ᠪᠠᠶᠢᠨ᠎ᠠ᠃ ᠡᠳᠡᠭᠡᠷ ᠵᠢᠳᠬᠦᠯ ᠨᠢ ︽ᠰᠢᠯᠢ ᠶᠢᠨ ᠭᠤᠣᠯ ᠴᠠᠭᠠᠨ ᠢᠳᠡᠬᠡᠨ︾ ᠤ ᠨᠡᠷᠡᠳᠣ ᠲᠡᠮᠳᠡᠭ ᠤᠨ ᠪᠠᠶᠢᠭᠤᠯᠣᠯᠳᠠ ᠪᠠ ᠬᠤᠰᠢᠭᠤ᠂ ᠠᠶᠢᠮᠠᠭ ᠣᠷᠣᠨ ᠤ ᠴᠠᠭᠠᠨ ᠢᠳᠡᠬᠡᠨ ᠤ ᠬᠦᠭᠵᠢᠯᠳᠠ᠂ ᠨᠡᠷ᠎ᠡ ᠨᠦᠯᠣᠬᠡ ᠶᠢ ᠲᠡᠬᠡᠭᠰᠢᠯᠡᠬᠦᠯᠬᠦ ᠳᠤ ᠲᠦᠯᠬᠢᠴᠠ ᠦᠢᠯᠡᠳᠣᠯ ᠦᠵᠡᠬᠦᠯᠣᠭ᠍ᠰᠠᠨ ᠪᠠᠶᠢᠨ᠎ᠠ᠃     ᠨᠠᠷᠠᠩᠭᠤᠸ᠎ᠠ ᠥᠪᠡᠷ ᠢᠶᠠᠨ ᠦᠢᠯᠡᠰ ᠪᠣᠰᠬᠠᠨ ᠪᠠᠶᠠᠵᠢᠯ ᠤᠨ ᠵᠠᠮ ᠪᠠᠷ ᠵᠠᠮᠨᠠᠬᠰᠠᠨ ᠢᠶᠠᠷ ᠪᠠᠷᠠᠬᠤ ᠦᠭᠡᠢ ᠪᠠᠰᠠ ᠭᠡᠷ ᠪᠦᠯᠢ ᠨᠢ ᠬᠦᠴᠢᠷᠳᠡᠯᠲᠡᠶ ᠡᠮᠡᠭᠲᠡᠶᠢᠴᠦᠳ ᠲᠤ ᠠᠵᠢᠯ ᠣᠯᠭᠤᠵᠤ᠂ ᠤᠷᠤᠯᠭ᠎ᠠ ᠶᠢ ᠨᠢ ᠨᠡᠮᠡᠭᠳᠡᠬᠦᠯᠦᠭᠰᠡᠨ ᠪᠠᠶᠢᠨ᠎ᠠ᠃ ︽2021 ᠣᠨ ᠳᠤ ᠠᠴᠠ ᠣᠳᠣ ᠪᠣᠯᠳᠠᠯ᠎ᠠ ᠲᠦᠷᠪᠡᠨ ᠵᠢᠯ ᠲᠠᠷᠠᠭᠠᠯᠠᠨ ᠬᠤᠷᠣᠳ᠂ ᠴᠣᠷ᠎ᠡ ᠵᠡᠷᠬᠡ ᠲᠠᠪᠣᠨ ᠲᠦᠷᠣᠯ ᠤᠨ ᠪᠦᠳᠣᠬᠡᠭᠳᠡᠬᠦᠨ ᠮᠠᠨᠢ ᠣᠷᠣᠨ ᠤ ᠴᠠᠭᠠᠨ ᠢᠳᠡᠭᠡᠨ ᠤ ᠠᠳᠠᠯᠢᠳᠬᠠᠨ ᠰᠢᠯᠭᠠᠷᠠᠭᠤᠯᠤᠯᠲᠠ ᠳᠤ ᠰᠢᠯᠢᠳᠡᠭ ᠲᠠᠰ ᠲᠤ ᠲᠣᠳᠣᠷᠡᠵᠣ᠂ ᠦᠪᠡᠷ ᠢᠶᠠᠨ ᠲᠦᠷᠪᠡᠨ ᠵᠢᠯ ᠲᠠᠷᠠᠭᠠᠯᠠᠨ ᠣᠷᠣᠨ ᠤ ᠨᠡᠷᠡᠳᠣ ᠲᠡᠮᠳᠡᠭ ᠢ ᠲᠦᠯᠬᠢᠨ ᠠᠬᠢᠭᠤᠯᠣᠬᠰᠠᠨ ᠬᠤᠪᠢ ᠬᠦᠮᠣᠨ ᠤ ᠱᠠᠩᠨᠠᠯ ᠢ ᠲᠣᠰᠴᠠᠢ᠃ ᠪᠢ ᠨᠢᠬᠡ ᠬᠦᠳᠠᠯᠮᠣᠷᠢ ᠶᠢᠨ ᠵᠢᠱᠢᠶᠡᠴᠢ ᠪᠣᠯᠣᠬᠰᠠᠨ ᠤ ᠬᠤᠪᠢ ᠳᠤ ᠬᠤᠵᠢᠮ ᠬᠤᠶᠢᠰᠢᠳᠠ ᠪᠠᠨ ᠡᠬᠡᠴᠢ ᠲᠡᠬᠦᠦ ᠨᠠᠷ ᠢᠶᠠᠨ ᠲᠠᠭᠠᠭᠤᠯᠵᠣ᠂ ᠬᠠᠮᠲᠦ ᠪᠠᠷ ᠢᠶᠠᠨ ᠡᠨᠡᠬᠦ ᠦᠢᠯᠡᠰ ᠢᠶᠠᠨ ᠳᠡᠭᠡᠳᠦᠯᠡᠨ᠂ ᠬᠠᠮᠲᠦ  ᠪᠠᠷ ᠠᠰᠢᠭ ᠬᠦᠷᠲᠡᠬᠦ ᠪᠠᠷ ᠴᠢᠷᠮᠠᠶᠢᠨ᠎ᠠ︾ ᠭᠡᠵᠤ ᠨᠠᠷᠠᠩᠭᠤᠸ᠎ᠠ ᠶᠠᠷᠢᠯ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号