ᠨᠠᠮ ᠤᠨ ᠬᠡᠰᠢᠭᠦᠨ ᠪᠠ ᠣᠯᠠᠨ ᠲᠦᠮᠡᠨ ᠳᠤ ᠦᠢᠯᠡᠴᠢᠯᠡᠬᠦ ᠲᠥᠪ ᠤᠨ ᠠᠵᠢᠯ ᠤᠨ ᠬᠢᠷᠢ ᠲᠦᠪᠰᠢᠨ ᠢ ᠤᠯᠠᠮ | ᠨᠢᠭᠡ ᠠᠯᠬᠤᠮ ᠰᠢᠯᠢᠳᠡᠭᠵᠢᠭᠦᠯᠵᠦ᠂ ᠣᠯᠠᠨ ᠲᠦᠮᠡᠨ ᠳᠤ ᠦᠶᠯᠡᠴᠢᠯᠡᠬᠦ ᠶᠠᠰᠤ ᠴᠢᠨᠠᠷ ᠪᠠ ᠦᠷ᠎ᠡ ᠪᠦᠲᠦᠮᠵᠢ ᠶᠢ | ᠳᠡᠭᠡᠭᠰᠢᠯᠡᠭᠦᠯᠦᠨ᠂ ᠨᠠᠮ ᠤᠨ ᠬᠡᠰᠢᠭᠦᠨ ᠪᠠ ᠣᠯᠠᠨ ᠲᠦᠮᠡᠨ ᠳᠤ ᠦᠢᠯᠡᠴᠢᠯᠡᠬᠦ ᠲᠥᠪ ᠤᠨ ᠣᠯᠠᠨ ᠲᠦᠮᠡᠨ ᠲᠠᠢ | ᠬᠠᠷᠢᠯᠴᠠᠬᠤ᠂ ᠣᠯᠠᠨ ᠲᠦᠮᠡᠨ ᠳᠤ ᠦᠶᠯᠡᠴᠢᠯᠡᠬᠦ ᠬᠥᠭᠦᠷᠭᠡ ᠬᠤᠯᠪᠣᠭᠠᠰᠤ ᠶᠢᠨ ᠦᠶᠯᠡᠳᠦᠯ ᠢ ᠦᠨᠡᠨ ᠬᠦ | ᠪᠠᠳᠠᠷᠠᠭᠤᠯᠬᠤ ᠶᠢᠨ ᠲᠥᠯᠥᠭᠡ᠂ 4 ᠰᠠᠷ᠎ᠠ ᠶᠢᠨ 29 ᠤ ᠡᠳᠦᠷ᠂ ᠪᠠᠶᠠᠨᠲᠠᠯ᠎ᠠ ᠪᠠᠯᠭᠠᠰᠤᠨ ᠤ ᠨᠠᠮ ᠤᠨ ᠬᠡᠰᠢᠭᠦᠨ ᠪᠠ | ᠣᠯᠠᠨ ᠲᠦᠮᠡᠨ ᠳᠤ ᠦᠢᠯᠡᠴᠢᠯᠡᠬᠦ ᠲᠥᠪ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠠᠵᠢᠯ ᠤᠨ ᠰᠠᠬᠢᠯᠭ᠎ᠠ | ᠪᠠᠲᠤ᠂ ᠴᠢᠳᠠᠪᠤᠷᠢ ᠶᠢᠨ ᠪᠠᠶᠢᠭᠤᠯᠤᠯᠲᠠ᠂ ᠬᠠᠪᠰᠤᠷᠤᠨ ᠭᠦᠶᠴᠡᠳᠬᠡᠬᠦ ᠣᠷᠣᠯᠠᠨ ᠭᠦᠶᠴᠡᠳᠬᠡᠬᠦ ᠵᠡᠷᠭᠡ ᠭᠤᠤᠯᠳᠠᠯᠭ᠎ᠠ | ᠲᠠᠢ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ | ᠬᠤᠷᠠᠯ ᠳᠡᠭᠡᠷ᠎ᠡ 《 ᠪᠥᠬᠦ ᠠᠶᠢᠮᠠᠭ ᠤᠨ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠥᠪ | ᠤᠨ 〈 ᠰᠤᠷᠲᠠᠯ ᠢᠶᠠᠨ ᠬᠤᠪᠢᠷᠠᠭᠤᠯᠬᠤ᠂ ᠦᠶᠯᠡᠴᠢᠯᠡᠭᠡ ᠪᠠᠨ ᠰᠢᠯᠢᠳᠡᠭᠵᠢᠭᠦᠯᠬᠦ᠂ ᠦᠷ᠎ᠡ ᠪᠦᠲᠦᠮᠵᠢ ᠪᠠᠨ | ᠳᠡᠭᠡᠭᠰᠢᠯᠡᠭᠦᠯᠬᠦ 〉 ᠠᠵᠢᠯ ᠤᠨ ᠲᠥᠰᠦᠯ 》᠂ ᠬᠥᠪᠡᠭᠡᠲᠦ ᠰᠢᠷ᠎ᠠ ᠬᠤᠰᠢᠭᠤᠨ ᠤ ᠵᠠᠰᠠᠭ ᠤᠨ ᠶᠠᠪᠤᠳᠠᠯ ᠤᠨ | ᠦᠶᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠡᠯ᠎ᠡ ᠱᠠᠲᠤᠨ ᠤ ᠨᠠᠮ ᠤᠨ | ᠬᠡᠰᠢᠭᠦᠨ ᠪᠠ ᠣᠯᠠᠨ ᠲᠦᠮᠡᠨ ᠳᠤ ᠦᠢᠯᠡᠴᠢᠯᠡᠬᠦ ᠲᠥᠪ ᠬᠢᠭᠡᠳ ᠲᠢᠩᠬᠢᠮ ᠳᠤ ᠰᠠᠭᠤᠭ᠎ᠠ ᠨᠢᠭᠡᠴᠢ ᠶᠢᠨ ᠠᠵᠢᠯ ᠤᠨ | ᠬᠠᠮᠲᠤᠷᠠᠭᠰᠠᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠳᠤ ᠰᠤᠷᠲᠠᠯ ᠤᠨ ᠬᠤᠪᠢᠷᠠᠯᠲᠠ ᠳᠤ ᠠᠩᠬᠠᠷᠤᠯ ᠢᠶᠠᠨ | ᠲᠥᠪᠯᠡᠷᠡᠭᠦᠯᠵᠦ᠂ ᠠᠵᠢᠯ ᠤᠨ ᠰᠠᠬᠢᠯᠭ᠎ᠠ ᠪᠠᠲᠤ ᠶᠢᠨ ᠤᠯᠠᠭᠠᠨ ᠱᠤᠭᠤᠮ ᠢ ᠴᠢᠩᠭ᠎ᠠ ᠰᠠᠬᠢᠬᠤ ᠬᠡᠷᠡᠭᠲᠡᠢ᠃ ᠠᠵᠢᠯ | ᠳᠤ ᠭᠠᠷᠬᠤ ᠶᠢ ᠰᠢᠯᠭᠠᠬᠤ ᠳᠦᠷᠢᠮ ᠢ ᠴᠢᠩᠭ᠎ᠠ ᠵᠢᠷᠤᠮᠯᠠᠨ᠂ ᠣᠷᠣᠶᠢᠲᠠᠵᠤ ᠢᠷᠡᠭᠡᠳ ᠡᠷᠲᠡ ᠪᠠᠭᠤᠬᠤ᠂ ᠳᠤᠷ᠎ᠠ ᠪᠠᠷ | ᠢᠶᠠᠨ ᠠᠵᠢᠯ ᠤᠨ ᠪᠠᠶᠢᠷᠢ ᠠᠴᠠ ᠪᠠᠨ ᠰᠠᠯᠬᠤ ᠵᠡᠷᠭᠡ ᠦᠵᠡᠭᠳᠡᠯ ᠢ ᠲᠠᠰᠤ ᠵᠣᠭᠰᠣᠭᠠᠬᠤ ᠬᠡᠷᠡᠭᠲᠡᠶ᠃ ᠬᠤᠶᠠᠷ ᠲᠤ᠂ | ᠦᠢᠯᠡᠴᠢᠯᠡᠭᠡᠨ ᠤ ᠲᠦᠪᠰᠢᠨ ᠢᠶᠠᠨ ᠳᠡᠭᠡᠭᠰᠢᠯᠡᠭᠦᠯᠵᠦ᠂ ᠰᠢᠯᠢᠳᠡᠭ ᠦᠢᠯᠡᠴᠢᠯᠡᠭᠡᠨ ᠤ ᠴᠤᠩᠬᠤᠪᠴᠢ ᠶᠢ ᠪᠠᠶᠢᠭᠤᠯᠬᠤ | ᠬᠡᠷᠡᠭᠲᠡᠢ᠃ ᠬᠠᠯᠠᠭᠤᠮᠰᠤᠭ ᠢᠶᠠᠷ ᠬᠦᠯᠢᠶᠡᠨ ᠠᠪᠴᠤ᠂ ᠬᠦᠯᠢᠴᠡᠩᠭᠦᠶ ᠪᠠᠷ ᠬᠠᠷᠢᠭᠤᠯᠵᠤ᠂ ᠪᠣᠯᠪᠠᠰᠤᠨ ᠢᠶᠠᠷ | ᠶᠠᠷᠢᠯᠴᠠᠵᠣ᠂ ᠦᠨᠡᠨᠴᠢ ᠣᠪᠣᠷ ᠪᠠ ᠰᠢᠯᠢᠳᠡᠭ ᠦᠶᠯᠡᠴᠢᠯᠡᠭᠡ ᠪᠠᠷ ᠣᠯᠠᠨ ᠲᠦᠮᠡᠨ ᠤ ᠰᠠᠶᠢᠨ ᠦᠨᠡᠯᠡᠯᠲᠡ ᠶᠢ | ᠣᠯᠤᠨ᠎ᠠ᠃ ᠭᠤᠷᠪᠠ ᠳᠤ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠶᠢ ᠴᠢᠩᠭᠠᠳᠬᠠᠵᠤ᠂ ᠤᠯᠠᠨ ᠲᠦᠮᠡᠨ | ᠤ ᠪᠣᠳᠠᠲᠠᠢ ᠬᠦᠴᠢᠷᠳᠡᠯ ᠢ ᠰᠢᠢᠳᠪᠦᠷᠢᠯᠡᠬᠦ ᠬᠡᠷᠡᠭᠲᠡᠢ᠃ ᠶᠠᠭ ᠥᠷᠨᠢᠭᠦᠯᠵᠦ ᠪᠠᠶᠢᠭ᠎ᠠ ᠪᠠᠶᠠᠨᠲᠠᠯ᠎ᠠ ᠪᠠᠯᠭᠠᠰᠤ ᠬᠤᠶᠠᠷ | ᠱᠠᠲᠤᠨ ᠤ ᠺᠠᠳ᠋ᠷ ᠣᠯᠠᠨ ᠲᠦᠮᠡᠨ ᠤ 《 ᠲᠠᠪᠤᠨ ᠪᠢᠴᠢᠯ》 ᠶᠢᠨ ᠬᠤᠯᠪᠣᠭᠠᠯᠠᠨ ᠬᠥᠳᠡᠯᠦᠯᠴᠡᠬᠦ ᠦᠶᠯᠡᠴᠢᠯᠡᠭᠡᠨ ᠤ | ᠦᠷ᠎ᠡ ᠪᠦᠲᠦᠮᠵᠢ ᠶᠢ ᠳᠡᠭᠡᠭᠰᠢᠯᠡᠭᠦᠯᠬᠦ ᠠᠵᠢᠯᠯᠠᠭ᠎ᠠ ᠲᠠᠢ ᠤᠶᠠᠯᠳᠤᠭᠤᠯᠤᠨ᠂ ᠨᠠᠰᠤᠲᠠᠶᠢᠴᠤᠳ᠂ ᠵᠡᠮᠳᠡᠭᠴᠦᠳ ᠵᠡᠷᠭᠡ | ᠣᠨᠴᠠᠭᠠᠶ ᠬᠥᠮᠦᠰ ᠲᠤ ᠴᠢᠭᠯᠡᠭᠦᠯᠦᠨ᠂ ᠰᠠᠨᠠᠭᠠᠴᠢᠯᠠᠭ᠎ᠠ ᠠᠴᠠ ᠪᠠᠨ ᠬᠡᠷ ᠲᠤ ᠨᠢ ᠬᠦᠷᠴᠦ ᠦᠶᠯᠡᠴᠢᠯᠡᠵᠦ᠂ ᠲᠡᠳᠡᠨ | ᠢ ᠬᠠᠪᠰᠤᠷᠤᠨ ᠡᠯ᠎ᠡ ᠲᠥᠷᠥᠯ ᠤᠨ ᠤᠴᠢᠷ ᠶᠠᠪᠤᠳᠠᠯ ᠢ ᠭᠦᠶᠴᠡᠳᠬᠡᠵᠦ᠂ ᠪᠣᠳᠠᠲᠠᠶ ᠬᠦᠴᠢᠷᠳᠡᠯ ᠢ ᠨᠢ | ᠰᠢᠶᠳᠪᠦᠷᠢᠯᠡᠵᠦ ᠦᠭᠭᠦᠨ᠎ᠡ᠃ ᠲᠦᠷᠪᠡ ᠳᠤ᠂ ᠠᠵᠢᠯ ᠤᠨ ᠬᠠᠮᠲᠤᠷᠠᠯ ᠬᠦᠴᠦᠨ ᠢ ᠨᠢᠭᠲᠠᠷᠠᠭᠤᠯᠵᠤ᠂ ᠡᠯ᠎ᠡ ᠵᠦᠢᠯ | ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠶᠢ ᠪᠠᠲᠤᠯᠠᠬᠤ ᠬᠡᠷᠡᠭᠲᠡᠢ᠃ | ᠬᠠᠮᠵᠢᠯᠴᠠᠬᠤ ᠪᠠᠨ ᠴᠢᠩᠭᠠᠳᠬᠠᠵᠤ ᠰᠠᠨᠠᠭᠠᠴᠢᠯᠠᠭ᠎ᠠ ᠠᠴᠠ ᠪᠠᠨ ᠳᠡᠭᠡᠳᠦ ᠱᠠᠲᠤᠨ ᠤ ᠰᠠᠯᠠᠭ᠎ᠠ ᠮᠥᠴᠢᠷ ᠲᠠᠢ | ᠵᠣᠯᠭᠠᠭᠤᠯᠵᠤ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠨᠠᠮ ᠤᠨ ᠬᠡᠰᠢᠭᠦᠨ ᠪᠠ ᠣᠯᠠᠨ ᠲᠦᠮᠡᠨ ᠳᠤ | ᠦᠢᠯᠡᠴᠢᠯᠡᠬᠦ ᠲᠥᠪ ᠤᠨ ᠡᠯ᠎ᠡ ᠵᠦᠶᠯ ᠤᠨ ᠠᠵᠢᠯ ᠤᠨ ᠤᠷᠤᠭᠰᠢᠲᠠᠶ ᠥᠷᠨᠢᠬᠦ ᠶᠢ ᠬᠠᠮᠲᠤ ᠪᠠᠷ ᠠᠬᠢᠭᠤᠯᠬᠤ | ᠬᠡᠷᠡᠭᠲᠡᠶ ᠭᠡᠵᠦ ᠴᠢᠬᠤᠯᠠᠴᠢᠯᠠᠪᠠ᠃ | |