ᠪᠠᠶᠠᠨᠲᠠᠯ᠎ᠠ ᠪᠠᠯᠭᠠᠰᠤ《 4 . 23 》 ᠤ ᠳᠡᠯᠡᠬᠡᠶ ᠶᠢᠨ ᠨᠣᠮ ᠤᠩᠰᠢᠬᠤ ᠡᠳᠦᠷ ᠤᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2025/5/9
     30 ᠳ᠋ᠤᠭᠠᠷ《ᠳᠡᠯᠡᠬᠡᠶ ᠶᠢᠨ ᠨᠣᠮ ᠤᠩᠰᠢᠬᠤ ᠡᠳᠦᠷ 》 ᠢ ᠤᠭᠲᠤᠵᠤ᠂ ᠠᠷᠠᠳ ᠣᠯᠠᠨ ᠤ ᠣᠶᠤᠨ ᠤ ᠪᠠ ᠰᠣᠶᠣᠯ ᠤᠨ ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠪᠥᠬᠦ ᠠᠷᠠᠳ ᠤᠨ ᠨᠣᠮ ᠤᠩᠰᠢᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ 4 ᠳ᠋ᠦ᠋ᠭᠡᠷ ᠰᠠᠷ᠎ᠠ ᠶᠢᠨ 23 ᠤ ᠡᠳᠦᠷ᠂ ᠪᠠᠶᠠᠨᠲᠠᠯ᠎ᠠ ᠪᠠᠯᠭᠠᠰᠤ ᠺᠠᠳ᠋ᠷ ᠣᠯᠠᠨ ᠲᠦᠮᠡᠨ ᠢ ᠢᠳᠡᠪᠬᠢᠲᠡᠶ ᠵᠣᠬᠢᠶᠠᠨ ᠪᠠᠶᠢᠭᠤᠯᠵᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠰᠠᠯᠪᠣᠷᠢ᠂ ᠥᠷᠲᠡᠭᠡ᠂ ᠲᠠᠯ᠎ᠠ ᠨᠤᠲᠤᠭ ᠤᠨ ᠨᠣᠮ ᠤᠨ ᠥᠷᠥᠭᠡ ᠳᠤ 《 4 . 23 》 ᠳᠡᠯᠡᠬᠡᠶ ᠶᠢᠨ ᠨᠣᠮ ᠤᠩᠰᠢᠬᠤ ᠡᠳᠦᠷ ᠤᠨ ᠠᠵᠢᠯᠯᠠᠭ᠎ᠠ ᠶᠢ ᠬᠠᠮᠲᠤᠪᠠᠷ ᠥᠷᠨᠢᠭᠦᠯᠪᠡ᠃     ᠠᠵᠢᠯᠯᠠᠭ᠎ᠠ ᠶᠢᠨ ᠳᠤᠮᠳᠠ᠂ ᠣᠯᠠᠨ ᠢᠶᠠᠷ ᠢᠶᠠᠨ ᠬᠠᠮᠲᠤ ᠪᠠᠷ ᠨᠣᠮ ᠪᠢᠴᠢᠭ ᠤᠩᠰᠢᠵᠤ᠂ ᠨᠣᠮ ᠢᠶᠠᠷ ᠵᠠᠭᠤᠴᠢ ᠪᠣᠯᠭᠠᠨ᠂ ᠥᠪᠡᠷ ᠤᠨ ᠳᠤᠷᠠᠲᠠᠶ ᠨᠣᠮ ᠪᠢᠴᠢᠭ ᠢᠶᠠᠨ ᠬᠠᠷᠢᠯᠴᠠᠨ ᠬᠤᠪᠢᠶᠠᠯᠴᠠᠵᠤ᠂ ᠭᠤᠶᠢᠳᠠ ᠰᠠᠶᠢᠬᠠᠨ ᠬᠡᠰᠡᠭ ᠪᠠᠳᠠᠭ ᠢᠶᠠᠨ ᠲᠠᠨᠢᠯᠴᠠᠭᠤᠯᠬᠤ ᠶᠢᠨ ᠬᠠᠮᠲᠤ ᠥᠪᠡᠷ ᠤᠨ ᠠᠵᠢᠯ ᠪᠠ ᠠᠮᠢᠳᠤᠷᠠᠯ ᠤᠨ ᠥᠩᠭᠡᠷᠡᠯᠲᠡ ᠲᠠᠢ ᠪᠠᠨ ᠤᠶᠠᠯᠳᠤᠭᠤᠯᠤᠨ ᠤᠩᠰᠢᠯᠭ᠎ᠠ ᠶᠢᠨ ᠲᠥᠷᠥᠭᠳᠡᠯ ᠢᠶᠠᠨ ᠠᠭᠤᠵᠢᠷᠠᠲᠠᠯ᠎ᠠ ᠶᠠᠷᠢᠯᠴᠠᠪᠠ᠃ ᠨᠣᠮ ᠤᠩᠰᠢᠬᠤ ᠰᠣᠯᠢᠯᠴᠠᠭ᠎ᠠ  ᠪᠠᠷ ᠳᠠᠮᠵᠢᠭᠤᠯᠤᠨ᠂ ᠦᠵᠡᠯ ᠰᠠᠨᠠᠭ᠎ᠠ ᠪᠠᠨ ᠰᠠᠶᠢᠲᠤᠷ ᠪᠣᠯᠪᠠᠰᠤᠷᠠᠭᠤᠯᠵᠤ᠂ ᠣᠯᠠᠨ ᠢᠶᠠᠷ ᠢᠶᠠᠨ 《 ᠤᠩᠰᠢᠯᠭ᠎ᠠ ᠪᠠ ᠰᠤᠮᠤ ᠪᠠᠯᠭᠠᠰᠤᠨ ᠤ ᠠᠵᠢᠯ ᠤᠨ ᠭᠦᠨᠵᠡᠭᠡᠶ ᠠᠭᠤᠰᠤᠯᠴᠠᠯ ᠢ ᠬᠡᠷᠬᠢᠨ ᠠᠬᠢᠭᠤᠯᠬᠤ 》 ᠡᠨᠡ ᠬᠦ ᠭᠤᠤᠯ ᠰᠡᠳᠦᠪ  ᠤᠨ ᠲᠣᠭᠤᠷᠢᠨ ᠳᠤ ᠭᠦᠨᠵᠡᠭᠡᠶ ᠰᠤᠳᠤᠯᠤᠨ ᠶᠠᠷᠢᠯᠴᠠᠵᠤ᠂ ᠣᠶᠤᠨ ᠤᠬᠠᠭᠠᠨ ᠤ ᠣᠴᠢ ᠶᠢ ᠨᠣᠴᠣᠭᠠᠵᠤ᠂ ᠠᠯᠢ ᠣᠯᠠᠨ ᠰᠢᠨ᠎ᠡ ᠶᠢ ᠡᠭᠦᠳᠬᠦ ᠰᠡᠳᠬᠢᠮᠵᠢ ᠶᠢ ᠪᠣᠯᠪᠠᠰᠤᠷᠠᠭᠤᠯᠤᠨ ᠭᠠᠷᠭᠠᠪᠠ᠃     ᠡᠯ᠎ᠡ ᠭᠠᠴᠠᠭ᠎ᠠ ᠴᠤ ᠲᠠᠯ᠎ᠠ ᠨᠤᠲᠤᠭ ᠤᠨ ᠨᠣᠮ ᠤᠨ ᠥᠷᠥᠭᠡ ᠶᠢᠨ ᠲᠠᠪᠴᠠᠩ ᠤᠨ ᠦᠶᠯᠡᠳᠦᠯ ᠢ ᠢᠳᠡᠪᠬᠢᠲᠡᠶ ᠪᠠᠳᠠᠷᠠᠭᠤᠯᠵᠤ᠂ ᠣᠯᠠᠨ ᠶᠠᠩᠵᠤ ᠬᠡᠯᠪᠡᠷᠢ ᠶᠢᠨ ᠨᠣᠮ ᠤᠩᠰᠢᠬᠤ ᠠᠵᠢᠯᠯᠠᠭ᠎ᠠ ᠶᠢ ᠨᠠᠷᠢᠨ ᠨᠢᠮᠪᠠᠶ ᠵᠣᠬᠢᠶᠠᠨ ᠪᠠᠶᠢᠭᠤᠯᠪᠠ᠃ ᠮᠠᠯᠴᠢᠨ ᠲᠦᠮᠡᠨ ᠢ ᠤᠷᠢᠵᠤ ᠨᠣᠮ ᠤᠩᠰᠢᠬᠤ ᠤᠷᠮ᠎ᠠ ᠪᠠᠬ᠎ᠠ ᠪᠠ ᠲᠥᠷᠥᠭᠳᠡᠯ ᠢ ᠬᠠᠮᠲᠤ ᠪᠠᠷ ᠡᠳ᠋ᠯᠡᠬᠦ ᠪᠠᠷ ᠳᠠᠮᠵᠢᠭᠤᠯᠤᠨ᠂ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠪᠠ᠃     ᠲᠠᠷᠠᠭᠠᠴᠢ ᠶᠢᠨ ᠠᠯᠬᠤᠮ ᠳᠤ᠂ ᠪᠠᠶᠠᠨᠲᠠᠯ᠎ᠠ ᠪᠠᠯᠭᠠᠰᠤ ᠡᠯ᠎ᠡ ᠭᠠᠴᠠᠭᠠᠨ ᠤ ᠲᠠᠯ᠎ᠠ ᠨᠤᠲᠤᠭ ᠤᠨ ᠨᠣᠮ ᠤᠨ ᠥᠷᠥᠭᠡ ᠶᠢᠨ ᠪᠥᠲᠥᠭᠡᠨ ᠪᠠᠶᠢᠭᠤᠯᠤᠯᠲᠠ ᠬᠠᠮᠢᠶᠠᠷᠤᠯᠲᠠ ᠪᠠᠨ ᠦᠷᠭᠦᠯᠵᠢᠯᠡᠨ ᠴᠢᠩᠭᠠᠳᠬᠠᠵᠤ᠂ ᠰᠢᠨ᠎ᠡ ᠴᠠᠭ ᠦᠶ᠎ᠡ  ᠶᠢᠨ ᠪᠣᠯᠪᠠᠰᠤᠨ ᠤ ᠦᠶᠯᠡᠳᠦᠯᠭᠡ ᠶᠢᠨ ᠭᠠᠵᠠᠷ ( ᠥᠷᠲᠡᠭᠡ ) ᠲᠤ ᠲᠦᠰᠢᠭᠯᠡᠨ ᠪᠥᠬᠦ ᠠᠷᠠᠳ ᠤᠨ ᠤᠩᠰᠢᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨᠥᠷᠨᠢᠭᠦᠯᠵᠦ᠂ ᠲᠠᠯ᠎ᠠ ᠨᠤᠲᠤᠭ ᠤᠨ ᠨᠣᠮ ᠤᠨ ᠥᠷᠥᠭᠡ ᠪᠠᠨ ᠦᠨᠡᠨ ᠬᠦ ᠮᠠᠯᠴᠢᠨ ᠲᠦᠮᠡᠨ ᠤ 《 ᠣᠶᠤᠨ ᠤ ᠠᠮᠤ ᠪᠤᠳᠠᠭᠠᠨ ᠤ ᠬᠥᠮᠥᠷᠭᠡ 》 ᠪᠣᠯᠭᠠᠵᠤ᠂ ᠬᠥᠳᠡᠭᠡ ᠲᠣᠰᠬᠤᠨ ᠤ ᠰᠣᠶᠣᠯ ᠤᠨ ᠬᠥᠭᠵᠢᠯ ᠮᠠᠨᠳᠤᠯ ᠳᠤ ᠬᠦᠴᠦᠨ ᠨᠡᠮᠡᠷᠢᠯᠡᠨ᠎ᠡ ᠃ 
 
ᠢᠷᠡᠯᠲᠡ᠄ ᠪᠠᠶᠠᠨᠲᠠᠯ᠎ᠠ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号