ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠺᠠᠳ᠋ᠷᠴᠤᠳ ᠤᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠠᠬᠢᠭᠤᠯᠬᠤ ᠴᠢᠳᠠᠪᠤᠷᠢ ᠪᠠ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ | 4 ᠰᠠᠷ᠎ᠠ ᠶᠢᠨ 18 ᠤ ᠡᠳᠦᠷ᠂ ᠪᠠᠶᠠᠨᠲᠠᠯ᠎ᠠ ᠪᠠᠯᠭᠠᠰᠤ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠤᠰᠬᠠᠶ ᠰᠡᠳᠦᠪᠲᠦ ᠪᠣᠯᠪᠠᠰᠤᠷᠠᠯ ᠤᠨ ᠬᠤᠷᠠᠯ | ᠡᠷᠭᠢᠯᠡᠪᠡ᠃ ᠲᠣᠰ ᠤᠳᠠᠭᠠᠨ ᠤ ᠬᠤᠷᠠᠯ ᠢ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ ᠴᠤᠭᠪᠠᠶᠠᠷ | ᠡᠷᠭᠢᠯᠡᠵᠦ᠂ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠪᠠᠯᠭᠠᠰᠤᠨ ᠤ ᠭᠠᠴᠠᠭᠠᠨ ᠳᠤ | ᠪᠠᠭᠤᠭᠰᠠᠨ ᠺᠠᠳ᠋ᠷ᠂ ᠡᠯ᠎ᠡ ᠭᠠᠴᠠᠭᠠᠨ ᠤ ᠨᠠᠮ ᠤᠨ ᠡᠭᠦᠷ ᠤᠨ ᠱᠦᠵᠢ ᠣᠷᠣᠯᠴᠠᠪᠠ᠃ | ᠬᠤᠷᠠᠯ ᠳᠡᠭᠡᠷ᠎ᠡ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠬᠠᠰᠴᠡᠴᠡᠭ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠴᠢᠬᠤᠯᠠ ᠠᠴᠢ ᠬᠤᠯᠪᠣᠭᠳᠠᠯ᠂ ᠶᠡᠷᠦᠩᠬᠡᠶ ᠱᠠᠭᠠᠷᠳᠠᠯᠭ᠎ᠠ | ᠪᠠ ᠭᠤᠤᠯ ᠡᠭᠦᠷᠭᠡ ᠶᠢᠨ ᠲᠤᠬᠠᠶ ᠭᠦᠨᠵᠡᠭᠡᠶ ᠲᠠᠶᠢᠯᠤᠮᠵᠢ ᠬᠢᠪᠠ᠃ ᠲᠡᠷᠡ᠂ ᠮᠠᠯᠵᠢᠬᠤ ᠣᠷᠣᠨ ᠤ ᠪᠣᠳᠠᠲᠤ ᠪᠠᠶᠢᠳᠠᠯ | ᠳᠤ ᠰᠠᠭᠤᠷᠢᠯᠠᠨ᠂ ᠡᠬᠢ ᠪᠠᠶᠠᠯᠢᠭ ᠤᠨ ᠳᠠᠪᠠᠭᠤᠯᠢᠭ ᠢᠶᠠᠨ ᠭᠦᠶᠴᠡᠳ ᠪᠠᠳᠠᠷᠠᠭᠤᠯᠵᠤ᠂ ᠮᠠᠯ ᠠᠵᠤ ᠠᠬᠤᠶ ᠶᠢᠨ | ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠡᠭᠦᠨ ᠢᠶᠠᠷ ᠮᠠᠯᠴᠢᠳ ᠤᠨ ᠣᠷᠣᠯᠭ᠎ᠠ ᠪᠠᠨ ᠨᠡᠮᠡᠭᠳᠡᠭᠦᠯᠦᠨ | ᠪᠠᠶᠠᠵᠢᠬᠤ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ ᠡᠭᠦᠨ ᠤ ᠬᠠᠮᠲᠤ ᠳᠣᠬᠠᠢ ᠭᠠᠵᠠᠷ ᠤᠨ ᠪᠣᠳᠠᠲᠠᠶ | ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠣᠳᠣᠬᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠣᠯᠤᠨ ᠥᠷᠢᠰᠥᠯᠳᠦᠭᠡᠨ ᠢ ᠭᠦᠨᠵᠡᠭᠡᠶ ᠵᠠᠳᠠᠯᠤᠭᠰᠠᠨ ᠪᠥᠭᠡᠳ | ᠰᠢᠶᠳᠪᠦᠷᠢᠯᠡᠬᠦ ᠰᠡᠳᠬᠢᠴᠡ ᠪᠠ ᠠᠷᠭ᠎ᠠ ᠬᠡᠮᠵᠢᠶ᠎ᠡ ᠶᠢ ᠬᠠᠨᠳᠤᠯᠭᠠᠲᠤ ᠴᠢᠨᠠᠷᠲᠠᠶ ᠪᠠᠷ ᠳᠤᠷᠠᠳᠪᠠ᠃ | ᠲᠣᠰ ᠤᠳᠠᠭᠠᠨ ᠤ ᠪᠣᠯᠪᠠᠰᠤᠷᠠᠯ ᠢᠶᠠᠷ ᠳᠡᠮᠵᠢᠨ᠂ ᠬᠤᠷᠠᠯ ᠳᠤ ᠣᠷᠣᠯᠴᠠᠭᠰᠠᠳ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠲᠤᠬᠠᠶ ᠨᠠᠩ ᠪᠥᠬᠦ | ᠲᠠᠯ᠎ᠠ ᠶᠢᠨ᠂ ᠭᠦᠨᠵᠡᠭᠡᠶ ᠲᠠᠨᠢᠯᠲᠠ ᠲᠠᠢ ᠪᠣᠯᠵᠣ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠠᠵᠢᠯ ᠤᠨ ᠬᠢᠷᠢ | ᠲᠦᠪᠰᠢᠨ ᠪᠦᠲᠦᠮᠵᠢᠲᠡᠶ ᠳᠡᠭᠡᠭᠰᠢᠯᠡᠵᠦ᠂ ᠪᠠᠶᠠᠨᠲᠠᠯ᠎ᠠ ᠪᠠᠯᠭᠠᠰᠤᠨ ᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠠᠵᠢᠯ ᠢ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ᠃ | ᠲᠠᠷᠠᠭᠠᠴᠢ ᠶᠢᠨ ᠠᠯᠬᠤᠮ ᠳᠤ᠂ ᠪᠠᠶᠠᠨᠲᠠᠯ᠎ᠠ ᠪᠠᠯᠭᠠᠰᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠠᠵᠢᠯ ᠢ ᠳᠡᠮᠵᠢᠬᠦ ᠪᠠ ᠪᠠᠯᠠ ᠣᠷᠣᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠡᠯ᠎ᠡ ᠲᠥᠷᠥᠯ ᠤᠨ | ᠪᠣᠯᠪᠠᠰᠤᠷᠠᠯ ᠪᠠ ᠰᠤᠷᠤᠯᠴᠠᠯᠭ᠎ᠠ ᠶᠢᠨ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠥᠷᠨᠢᠭᠦᠯᠵᠦ᠂ ᠺᠠᠳ᠋ᠷ ᠣᠯᠠᠨ | ᠲᠦᠮᠡᠨ ᠤ ᠴᠢᠳᠠᠪᠤᠷᠢ ᠬᠡᠪ ᠪᠣᠯᠪᠠᠰᠤᠷᠠᠯ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠡᠯ᠎ᠡ ᠵᠦᠶᠯ ᠤᠨ ᠠᠵᠢᠯ ᠳᠤ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠤᠨ᠎ᠠ᠃ | |