ᠪᠠᠶᠠᠨᠲᠠᠯ᠎ᠠ ᠪᠠᠯᠭᠠᠰᠤ ᠨᠢ ᠨᠠᠮ ᠤᠨ ᠪᠠᠶᠢᠭᠤᠯᠤᠯᠲᠠ ᠵᠢᠴᠢ ᠵᠣᠬᠢᠶᠠᠨ ᠪᠠᠶᠢᠭᠤᠯᠤᠯᠳᠠ᠂ ᠤᠬᠠᠭᠤᠯᠭ᠎ᠠ᠂ ᠨᠢᠭᠡᠳᠦᠮᠡᠯ ᠹᠷᠣᠨᠲ᠂ ᠤᠯᠤᠰ ᠲᠥᠷᠥ ᠬᠠᠤᠯᠢ ᠴᠠᠭᠠᠵᠠ᠂ ᠵᠡᠪᠰᠡᠭᠲᠦ ᠬᠦᠴᠦᠨ ᠤ ᠠᠵᠢᠯ ᠤᠨ ᠬᠤᠷᠠᠯᠳᠣᠭᠠᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/9
    4 ᠰᠠᠷ᠎ᠠ ᠶᠢᠨ 18 ᠤ ᠡᠳᠦᠷ᠂ ᠪᠠᠶᠠᠨᠲᠠᠯ᠎ᠠ ᠪᠠᠯᠭᠠᠰᠤ ᠨᠢ ᠨᠠᠮ ᠤᠨ ᠪᠠᠶᠢᠭᠤᠯᠤᠯᠲᠠ ᠵᠢᠴᠢ ᠵᠣᠬᠢᠶᠠᠨ ᠪᠠᠶᠢᠭᠤᠯᠤᠯᠳᠠ᠂ ᠤᠬᠠᠭᠤᠯᠭ᠎ᠠ᠂ ᠨᠢᠭᠡᠳᠦᠮᠡᠯ ᠹᠷᠣᠨᠲ᠂ ᠤᠯᠤᠰ ᠲᠥᠷᠥ ᠬᠠᠤᠯᠢ ᠴᠠᠭᠠᠵᠠ᠂ ᠵᠡᠪᠰᠡᠭᠲᠦ ᠬᠦᠴᠦᠨ ᠤ ᠠᠵᠢᠯ ᠤᠨ ᠬᠤᠷᠠᠯᠳᠣᠭᠠᠨ ᠬᠤᠷᠠᠯᠳᠤᠭᠤᠯᠪᠠ᠃ ᠪᠠᠯᠭᠠᠰᠤᠨ ᠤ ᠪᠥᠬᠦ ᠺᠠᠳ᠋ᠷ ᠠᠵᠢᠯᠲᠠᠨ ᠵᠢᠴᠢ ᠡᠯ᠎ᠡ ᠭᠠᠴᠠᠭᠠᠨ ᠤ ᠱᠦᠵᠢ ᠨᠠᠷ  ᠴᠤᠭᠯᠠᠷᠠᠨ᠂ ᠬᠥᠭᠵᠢᠯᠲᠡ ᠶᠢᠨ ᠠᠷᠭ᠎ᠠ ᠪᠣᠳᠣᠯᠭ᠎ᠠ ᠶᠢ ᠬᠠᠮᠲᠤ ᠪᠠᠷ ᠵᠥᠪᠳᠡᠯᠴᠡᠵᠦ ᠰᠦᠪᠡᠭᠴᠢᠯᠡᠭᠰᠡᠨ ᠪᠠᠶᠢᠨ᠎ᠠ᠃     ᠬᠤᠷᠠᠯ ᠠᠴᠠ ᠪᠥᠬᠦ ᠬᠤᠰᠢᠭᠤᠨ ᠤ ᠨᠠᠮ ᠤᠨ ᠪᠠᠶᠢᠭᠤᠯᠤᠯᠲᠠ ᠵᠢᠴᠢ ᠵᠣᠬᠢᠶᠠᠨ ᠪᠠᠶᠢᠭᠤᠯᠤᠯᠳᠠ᠂ ᠤᠬᠠᠭᠤᠯᠭ᠎ᠠ᠂ ᠨᠢᠭᠡᠳᠦᠮᠡᠯ ᠹᠷᠣᠨᠲ᠂ ᠨᠡᠶᠢᠭᠡᠮ᠂ ᠤᠯᠤᠰ ᠲᠥᠷᠥ ᠬᠠᠤᠯᠢ ᠴᠠᠭᠠᠵᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠭᠠᠴᠠᠭᠠᠨ ᠤ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠠᠯᠭᠠᠰᠤᠨ ᠤ ᠵᠣᠬᠢᠶᠠᠨ ᠪᠠᠶᠢᠭᠤᠯᠤᠯᠳᠠ᠂ ᠤᠬᠠᠭᠤᠯᠭ᠎ᠠ᠂ ᠨᠢᠭᠡᠳᠦᠮᠡᠯ ᠹᠷᠣᠨᠲ᠂ ᠤᠯᠤᠰ ᠲᠥᠷᠥ ᠬᠠᠤᠯᠢ ᠴᠠᠭᠠᠵᠠ ᠵᠢᠴᠢ ᠵᠡᠪᠰᠡᠭᠲᠦ ᠬᠦᠴᠦᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠶᠢᠨ ᠬᠠᠮᠲᠤ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃     ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠨᠠᠮ ᠤᠨ ᠭᠡᠰᠢᠭᠦᠨ ᠪᠠ ᠣᠯᠠᠨ ᠲᠦᠮᠡᠨ ᠤ ᠦᠢᠯᠡᠴᠢᠯᠡᠬᠦ ᠲᠥᠪ ᠤᠨ ᠡᠷᠬᠢᠯᠡᠭᠴᠢ ᠬᠠᠰᠴᠡᠴᠡᠭ 2024 ᠣᠨ ᠤ ᠠᠵᠢᠯ ᠢ ᠪᠥᠬᠦ ᠲᠠᠯ᠎ᠠ ᠪᠠᠷ ᠳ᠋ᠦᠩᠨᠡᠵᠦ᠂ ᠪᠥᠬᠦ ᠪᠠᠯᠭᠠᠰᠤᠨ ᠤ ᠨᠠᠮ ᠤᠨ ᠪᠠᠶᠢᠭᠤᠯᠤᠯᠲᠠ ᠶᠢᠨ ᠳᠠᠭᠠᠭᠤᠯᠭ᠎ᠠ ᠳᠣᠣᠷᠠᠬᠢ ᠡᠯ᠎ᠡ ᠬᠦᠷᠢᠶᠡᠨ ᠳᠤ ᠣᠯᠣᠭᠰᠠᠨ ᠢᠯᠡᠳᠲᠡ ᠦᠷ᠎ᠡ ᠪᠦᠲᠦᠮᠵᠢ ᠶᠢ ᠨᠤᠲᠠᠯᠠᠭᠰᠠᠨ ᠢᠶᠠᠷ ᠪᠠᠷᠠᠬᠤ ᠦᠭᠡᠢ ᠪᠠᠰᠠ ᠣᠳᠣᠬᠠᠨ ᠤ ᠠᠵᠢᠯ ᠤᠨ ᠳᠤᠮᠳᠠ ᠣᠷᠣᠰᠢᠵᠤ ᠪᠠᠶᠢᠭ᠎ᠠ ᠳᠤᠲᠠᠭᠤᠳᠠᠯ ᠪᠠ ᠬᠦᠷᠦᠯᠴᠡᠬᠦ ᠦᠭᠡᠢ ᠲᠠᠯ᠎ᠠ ᠶᠢ ᠭᠦᠨᠵᠡᠭᠡᠢ ᠵᠠᠳᠠᠯᠤᠭᠰᠠᠨ ᠪᠠᠶᠢᠨ᠎ᠠ᠃ ᠲᠡᠷᠡ 2025 ᠣᠨ ᠤ ᠭᠤᠣᠯᠳᠠᠯᠭ᠎ᠠ ᠲᠠᠢ ᠠᠵᠢᠯ ᠳᠤ ᠲᠣᠳᠣᠷᠬᠠᠢ ᠪᠠᠶᠢᠷᠢᠯᠠᠭᠤᠯᠤᠯᠲᠠ ᠬᠢᠵᠤ᠂ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠭᠤᠣᠯᠯᠠᠭᠴᠢ ᠦᠢᠯᠡᠳᠦᠯ ᠢ ᠴᠢᠩᠭᠠᠳᠬᠠᠵᠤ᠂ ᠬᠠᠮᠵᠢᠯᠴᠠᠨ ᠬᠠᠮᠲᠤᠷᠠᠯᠴᠠᠬᠤ ᠶᠢ ᠭᠦᠨᠵᠡᠭᠡᠶᠢᠷᠡᠭᠦᠯᠵᠦ᠂ ᠭᠤᠣᠯᠳᠠᠯᠭ᠎ᠠ ᠲᠠᠢ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠯᠠᠪᠳᠠᠭᠤᠨ ᠪᠠᠲᠤᠲᠠᠢ ᠠᠵᠢᠯ ᠤᠨ ᠦᠷ᠎ᠡ ᠪᠦᠲᠦᠮᠵᠢ ᠪᠠᠷ ᠪᠦᠬᠦ ᠪᠠᠯᠭᠠᠰᠤᠨ ᠤ ᠴᠢᠨᠠᠷ ᠰᠠᠶᠢᠲᠠᠢ ᠬᠥᠭᠵᠢᠯᠲᠡ ᠳᠤ ᠪᠠᠲᠤ ᠰᠠᠭᠤᠷᠢ ᠲᠠᠯᠪᠢᠵᠤ ᠥᠭᠬᠦ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ ᠵᠢᠭᠠᠵᠤ ᠭᠠᠷᠭᠠᠭᠰᠠᠨ ᠨᠢ᠂ 2025 ᠣᠨ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠲᠡᠭᠦᠰᠬᠡᠯ ᠤᠨ ᠵᠢᠯ᠂ ᠮᠥᠨ ᠴᠦ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠭᠦᠨᠵᠡᠭᠡᠢ ᠠᠬᠢᠭᠤᠯᠬᠤ ᠵᠠᠩᠭᠢᠯᠠᠭ᠎ᠠ ᠶᠢᠨ ᠴᠡᠭ ᠪᠣᠯᠣᠨ᠎ᠠ᠃ ᠵᠣᠬᠢᠶᠠᠨ ᠪᠠᠶᠢᠭᠤᠯᠤᠯᠳᠠ᠂ ᠤᠬᠠᠭᠤᠯᠭ᠎ᠠ᠂ ᠨᠢᠭᠡᠳᠦᠮᠡᠯ ᠹᠷᠣᠨᠲ᠂ ᠤᠯᠤᠰ ᠲᠥᠷᠥ ᠬᠠᠤᠯᠢ ᠴᠠᠭᠠᠵᠠ᠂ ᠵᠡᠪᠰᠡᠭᠲᠦ ᠬᠦᠴᠦᠨ ᠤ ᠡᠯ᠎ᠡ ᠹᠷᠣᠨᠲ ᠤᠨ ᠺᠠᠳ᠋ᠷ ᠠᠵᠢᠯᠲᠠᠨ ᠪᠣᠯ ᠪᠦᠬᠦ ᠪᠠᠯᠭᠠᠰᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠲᠦᠭᠡᠨ ᠪᠠᠶᠢᠭᠤᠯᠤᠭᠴᠢ ᠪᠣᠯᠬᠤ ᠪᠠᠷ ᠪᠠᠷᠠᠬᠤ ᠦᠭᠡᠢ᠂ ᠨᠡᠩ ᠴᠤ ᠴᠢᠬᠤᠯᠠ ᠠᠬᠢᠭᠤᠯᠤᠭᠴᠢ ᠪᠠ ᠪᠠᠲᠤᠯᠠᠭᠴᠢ ᠪᠣᠯᠬᠤ ᠶᠤᠮ᠃ ᠪᠥᠬᠦ ᠺᠠᠳ᠋ᠷᠴᠤᠳ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠨ᠂ ᠨᠠᠩ ᠴᠢᠩᠭ᠎ᠠ ᠬᠦᠴᠦᠨ᠂ ᠨᠠᠩ ᠰᠢᠯᠢᠳᠡᠭ ᠦᠷ᠎ᠡ ᠪᠦᠲᠦᠮᠵᠢ᠂ ᠨᠠᠩ ᠬᠠᠲᠠᠭᠤ ᠰᠤᠷᠲᠠᠯ ᠢᠶᠠᠷ ᠪᠠᠶᠠᠨᠲᠠᠯ᠎ᠠ ᠪᠠᠯᠭᠠᠰᠤᠨ ᠤ ᠡᠯ᠎ᠡ ᠵᠦᠢᠯ ᠤᠨ ᠠᠵᠢᠯ ᠦᠢᠯᠡᠰ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠬᠤ ᠬᠡᠷᠡᠭᠲᠡᠢ᠃     ᠬᠤᠷᠠᠯ ᠠᠴᠠ ᠱᠠᠭᠠᠷᠳᠠᠭᠰᠠᠨ ᠨᠢ᠂ ᠪᠦᠬᠦ ᠪᠠᠯᠭᠠᠰᠤ ᠶᠢᠨ ᠵᠣᠬᠢᠶᠠᠨ ᠪᠠᠶᠢᠭᠤᠯᠤᠯᠳᠠ᠂ ᠤᠬᠠᠭᠤᠯᠭ᠎ᠠ᠂ ᠨᠢᠭᠡᠳᠦᠮᠡᠯ ᠹᠷᠣᠨᠲ᠂ ᠤᠯᠤᠰ ᠲᠥᠷᠥ ᠬᠠᠤᠯᠢ ᠴᠠᠭᠠᠵᠠ᠂ ᠵᠡᠪᠰᠡᠭᠲᠦ ᠬᠦᠴᠦᠨ ᠤ ᠠᠵᠢᠯ ᠨᠢ ᠶᠡᠷᠦᠩᠬᠡᠶᠢᠯᠡᠨ ᠵᠢᠯᠤᠭᠤᠳᠬᠤ᠂ ᠵᠢᠭᠠᠨ ᠵᠢᠯᠤᠭᠤᠳᠬᠤ᠂ ᠪᠣᠭᠤᠮᠲᠠ ᠰᠠᠬᠢᠬᠤ ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠪᠦᠬᠦ ᠪᠠᠯᠭᠠᠰᠤ᠂ ᠪᠦᠬᠦ ᠬᠦᠷᠢᠶᠡᠨ ᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠲᠤᠬᠠᠶᠢᠯᠠᠭᠰᠠᠨ ᠠᠵᠢᠯ ᠢᠶᠠᠨ ᠰᠠᠶᠢᠲᠤᠷ ᠭᠦᠢᠴᠡᠳᠬᠡᠬᠦ ᠶᠢᠨ ᠬᠠᠮᠲᠤ᠂ ᠬᠠᠮᠵᠢᠯᠴᠠᠨ ᠬᠠᠮᠲᠤᠷᠠᠯᠴᠠᠬᠤ ᠶᠢ ᠴᠢᠩᠭᠠᠳᠬᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠨᠡᠪᠲᠡᠷᠡᠯᠴᠡᠨ ᠵᠥᠪᠳᠡᠯᠴᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠮᠡᠳᠡᠭᠡ ᠵᠠᠩᠭᠢ ᠶᠢᠨ ᠪᠠᠬᠢᠯᠡᠯᠲᠡ ᠶᠢ ᠡᠪᠳᠡᠵᠦ᠂ ᠨᠠᠮ ᠤᠨ ᠪᠠᠶᠢᠭᠤᠯᠤᠯᠲᠠ ᠶᠢᠨ ᠠᠵᠢᠯ ᠤᠨ ᠪᠠᠶᠢᠷᠢᠰᠢᠯ ᠢ ᠪᠠᠶᠢᠭᠤᠯᠵᠤ᠂ ᠬᠦᠴᠦᠷᠬᠡᠭ ᠶᠡᠭᠡ ᠠᠵᠢᠯ ᠤᠨ ᠨᠡᠶᠢᠯᠡᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠵᠣᠬᠢᠶᠠᠨ ᠪᠠᠶᠢᠭᠤᠯᠤᠯᠳᠠ ᠶᠢᠨ ᠠᠵᠢᠯ ᠨᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠪᠠᠬᠢᠵᠢᠭᠦᠯᠬᠦ ᠪᠠᠷ ᠬᠦᠴᠦᠯᠡᠬᠦ ᠴᠡᠭ ᠪᠣᠯᠭᠠᠵᠤ᠂ ᠤᠯᠤᠰ ᠲᠦᠷᠦ ᠶᠢᠨ ᠲᠠᠯ᠎ᠠ ᠪᠠᠷ ᠪᠠᠲᠤ ᠴᠢᠩᠭ᠎ᠠ᠂ ᠡᠷᠳᠡᠮ ᠴᠢᠳᠠᠪᠤᠷᠢ ᠥᠨᠳᠥᠷ ᠡᠩᠨᠡᠭᠡ ᠶᠢ ᠳᠠᠪᠲᠠᠨ ᠪᠣᠯᠪᠠᠰᠤᠷᠠᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ᠂ ᠲᠠᠶᠢᠴᠢᠨ ᠬᠦᠴᠦᠨ᠂ ᠬᠥᠲᠥᠯᠥᠨ ᠳᠠᠭᠠᠭᠤᠯᠬᠤ ᠬᠦᠴᠦᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ︔ ᠤᠬᠠᠭᠤᠯᠭ᠎ᠠ ᠶᠢᠨ ᠠᠵᠢᠯ ᠨᠢ ᠵᠥᠪ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠪᠠᠲᠤ ᠡᠵᠡᠮᠳᠡᠵᠦ᠂ ᠣᠨᠴᠠᠯᠢᠭᠲᠤ ᠬᠢᠯᠠᠰ ᠴᠡᠭ ᠢ ᠭᠦᠨᠵᠡᠭᠡᠢ ᠠᠭᠤᠳᠠᠯᠵᠤ᠂ ᠪᠠᠶᠠᠨᠲᠠᠯ᠎ᠠ ᠶᠢᠨ ᠦᠯᠢᠭᠡᠷ ᠢ ᠰᠠᠶᠢᠲᠤᠷ ᠶᠠᠷᠢᠬᠤ ᠬᠡᠷᠡᠭᠲᠡᠢ︔ ᠨᠢᠭᠡᠳᠦᠮᠡᠯ ᠹᠷᠣᠨᠲ ᠤᠨ ᠠᠵᠢᠯ ᠨᠢ ᠡᠯ᠎ᠡ ᠲᠠᠯ᠎ᠠ ᠶᠢᠨ ᠬᠦᠴᠦᠨ ᠢ ᠨᠢᠭᠲᠠᠷᠠᠭᠤᠯᠵᠤ᠂ ᠪᠦᠯᠬᠦᠮᠳᠡᠨ ᠬᠠᠮᠵᠢᠯᠴᠠᠬᠤ ᠶᠢ  ᠠᠬᠢᠭᠤᠯᠬᠤ ᠬᠡᠷᠡᠭᠲᠡᠢ︔ ᠤᠯᠤᠰ ᠲᠦᠷᠦ ᠬᠠᠤᠯᠢ ᠴᠠᠭᠠᠵᠠ ᠶᠢᠨ ᠠᠵᠢᠯ ᠨᠢ ᠨᠡᠶᠢᠭᠡᠮ ᠤᠨ ᠲᠣᠭᠲᠠᠭᠤᠨ ᠢ ᠡᠷᠡᠰ ᠬᠠᠮᠠᠭᠠᠯᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠣᠳᠣᠬᠢᠴᠢᠯᠠᠯᠲᠠ ᠶᠢᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ︔ ᠵᠡᠪᠰᠡᠭᠲᠦ ᠬᠦᠴᠦᠨ ᠤ ᠠᠵᠢᠯ ᠨᠢ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠢ ᠴᠢᠩᠭᠠᠳᠬᠠᠵᠤ᠂ ᠴᠡᠷᠢᠭ ᠡᠯᠰᠡᠬᠦ ᠠᠵᠢᠯ ᠢ ᠥᠨᠳᠥᠷ ᠪᠠᠷᠢᠮᠵᠢᠶ᠎ᠠ ᠪᠠᠷ ᠰᠠᠶᠢᠲᠤᠷ ᠬᠢᠵᠦ᠂ ᠡᠷᠦᠬᠡ ᠶᠢᠨ ᠴᠡᠷᠢᠭ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠪᠦᠬᠦ ᠪᠠᠯᠭᠠᠰᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃ 
 
ᠢᠷᠡᠯᠲᠡ᠄ ᠪᠠᠶᠠᠨᠲᠠᠯ᠎ᠠ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号