4 ᠰᠠᠷ᠎ᠠ ᠶᠢᠨ 18 ᠤ ᠡᠳᠦᠷ᠂ ᠪᠠᠶᠠᠨᠲᠠᠯ᠎ᠠ ᠪᠠᠯᠭᠠᠰᠤ ᠮᠠᠯᠵᠢᠬᠤ ᠣᠷᠣᠨ ᠤ ᠣᠶᠢᠷ᠎ᠠ ᠶᠢᠨ ᠬᠤᠭᠤᠴᠠᠭᠠᠨ ᠤ | ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠨᠠᠮ ᠤᠨ ᠬᠤᠷᠢᠶᠠᠨ ᠤ ᠳᠡᠳ᠋ ᠱᠦᠵᠢ᠂ | ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ ᠴᠤᠭᠪᠠᠶᠠᠷ ᠬᠤᠷᠠᠯ ᠢ ᠡᠷᠭᠢᠯᠡᠵᠦ᠂ ᠨᠠᠮ ᠵᠠᠰᠠᠭ ᠤᠨ ᠤᠳᠤᠷᠢᠳᠬᠤ | ᠪᠠᠭ ᠤᠨ ᠪᠦᠷᠢᠯᠳᠦᠬᠦᠨ᠂ ᠠᠵᠢᠯ ᠦᠶᠯᠡᠰ ᠤᠨ ᠨᠢᠭᠡᠴᠡ ᠶᠢᠨ ᠬᠠᠷᠢᠭᠤᠴᠠᠯᠭᠠᠲᠠᠨ᠂ ᠡᠯ᠎ᠡ ᠭᠠᠴᠠᠭᠠᠨ ᠤ ᠨᠠᠮ ᠤᠨ | ᠡᠭᠦᠷ ᠤᠨ ᠱᠦᠵᠢ᠂ ᠪᠥᠬᠦ ᠺᠠᠳ᠋ᠷ ᠠᠵᠢᠯᠲᠠᠨ ᠬᠤᠷᠠᠯ ᠳᠤ ᠣᠷᠣᠯᠴᠠᠪᠠ᠃ | ᠬᠤᠷᠠᠯ ᠠᠴᠠ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠯᠲᠡ ᠶᠢ ᠣᠨᠣᠪᠴᠢᠲᠠᠢ ᠬᠢᠨᠠᠨ | ᠪᠠᠶᠢᠴᠠᠭᠠᠬᠤ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ᠂ ᠪᠡᠯᠴᠢᠭᠡᠷ ᠢ ᠰᠡᠷᠭᠦᠭᠡᠵᠦ ᠪᠡᠯᠴᠢᠭᠡᠷᠯᠡᠭᠦᠯᠬᠦ ᠶᠢ | ᠴᠠᠭᠠᠵᠠᠯᠠᠬᠤ᠂ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠬᠠᠪᠤᠷ ᠤᠨ | ᠤᠯᠠᠷᠢᠯ ᠤᠨ ᠬᠠᠮᠠᠭᠠᠯᠠᠯᠲᠠ ᠶᠢᠨ ᠴᠢᠨᠠᠷᠲᠠᠢ ᠬᠤᠯᠤᠭᠠᠨ᠎ᠠ ᠤᠰᠠᠳᠬᠠᠬᠤ᠂ ᠠᠶᠤᠯᠭᠦᠢ ᠦᠢᠯᠡᠳᠪᠦᠷᠢᠯᠡᠯ᠂ ᠬᠠᠪᠤᠷ | ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠵᠡᠷᠭᠡ ᠤᠢᠢᠷ᠎ᠠ ᠶᠢᠨ | ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠢ ᠲᠠᠬᠢᠨ ᠪᠠᠶᠢᠷᠢᠯᠠᠭᠤᠯᠵᠠᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠴᠠᠭ᠎ᠠ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ | ᠤᠢᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠤᠨ ᠴᠢᠬᠤᠯᠠ ᠴᠢᠨᠠᠷ ᠪᠣᠯᠤᠨ ᠲᠤᠯᠭᠠᠮ ᠴᠢᠨᠠᠷ ᠢ | ᠭᠦᠨᠵᠡᠭᠡᠢ ᠲᠠᠨᠢᠵᠤ᠂ ᠦᠵᠡᠯ ᠰᠠᠨᠠᠭ᠎ᠠ ᠪᠠᠨ ᠨᠢᠭᠡᠳᠬᠡᠨ᠂ ᠡᠭᠦᠷᠭᠡ ᠪᠠᠨ ᠲᠣᠳᠣᠷᠬᠠᠶᠢᠯᠠᠵᠤ᠂ | ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠢ᠃ | ᠨᠢᠭᠡ ᠳᠤ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠬᠢᠨᠠᠨ ᠬᠡᠮᠵᠢᠯᠲᠡ ᠪᠠ ᠬᠠᠪᠰᠤᠷᠤᠨ ᠲᠡᠳᠬᠦᠬᠦ | ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠪᠠ ᠣᠷᠣᠯᠭ᠎ᠠ ᠶᠢ ᠲᠥᠰᠦᠭᠡᠯᠡᠨ ᠪᠤᠳᠤᠬᠤ ᠠᠵᠢᠯ ᠢ | ᠦᠨᠡᠨ ᠬᠦ ᠰᠠᠶᠢᠲᠤᠷ ᠬᠢᠬᠦ ᠬᠡᠷᠡᠭᠲᠡᠶ᠃ ᠬᠤᠶᠠᠷ ᠲᠤ 《 ᠭᠤᠷᠪᠠᠨ ᠪᠡᠯᠡ 》 ᠢ ᠣᠨᠣᠪᠴᠢᠲᠠᠶ ᠬᠢᠨᠠᠨ ᠪᠠᠶᠢᠴᠠᠭᠠᠬᠤ | ᠠᠵᠢᠯ ᠢ ᠴᠠᠭ ᠲᠤᠬᠠᠶ ᠳᠤᠨᠢ ᠪᠡᠶᠡᠯᠡᠭᠦᠯᠵᠦ᠂ ᠪᠠᠯᠠ ᠮᠥᠩᠭᠦ ᠶᠢᠨ ᠲᠥᠷᠥᠯ ᠵᠦᠶᠯ ᠤᠨ ᠡᠳ᠋ ᠬᠥᠷᠥᠩᠭᠡ ᠶᠢᠨ | ᠬᠠᠮᠢᠶᠠᠷᠤᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ ᠭᠤᠷᠪᠠ ᠳᠤ᠂ ᠮᠠᠯ | ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ᠂ ᠬᠠᠪᠤᠷ ᠤᠨ ᠤᠯᠠᠷᠢᠯ ᠤᠨ ᠡᠪᠡᠰᠦᠨ ᠤ ᠣᠷᠭᠤᠯᠲᠠ ᠶᠢᠨ | ᠬᠤᠭᠤᠴᠠᠭᠠᠨ ᠳᠠᠬᠢ ᠪᠡᠯᠴᠢᠭᠡᠷ ᠢ ᠰᠡᠷᠭᠦᠭᠡᠬᠦ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠪᠣᠳᠠᠲᠠᠶ ᠠᠳᠬᠤᠨ | ᠨᠠᠷᠢᠯᠢᠭ ᠠᠳᠬᠤᠵᠤ᠂ ᠤᠬᠠᠭᠤᠯᠵᠤ ᠬᠥᠲᠥᠯᠥᠨ ᠵᠢᠯᠣᠭᠤᠳᠬᠤ᠂ ᠬᠠᠤᠯᠢ ᠬᠡᠷᠡᠭᠵᠢᠭᠦᠯᠵᠦ ᠬᠢᠨᠠᠨ ᠪᠠᠶᠢᠴᠠᠭᠠᠬᠤ᠂ | ᠬᠢᠵᠢᠭ ᠢ ᠰᠡᠷᠭᠡᠶᠢᠯᠡᠵᠦ ᠡᠭᠡᠯᠢᠯᠡᠬᠦ ᠵᠡᠷᠭᠡ ᠭᠤᠤᠯᠳᠠᠯᠭ᠎ᠠ ᠲᠠᠢ ᠭᠤᠭᠴᠤᠭ᠎ᠠ ᠶᠢ ᠨᠢᠭᠡᠳᠦᠯᠲᠡᠶ ᠲᠥᠯᠥᠪᠵᠢᠭᠦᠯᠦᠨ | ᠰᠠᠶᠢᠲᠤᠷ ᠠᠳᠬᠤᠵᠤ᠂ ᠮᠠᠯ ᠤᠨ ᠭᠠᠷᠭᠠᠯᠲᠠ ᠶᠢᠨ ᠡᠷᠴᠢᠮ ᠢ ᠴᠢᠩᠭᠠᠷᠠᠭᠤᠯᠤᠨ᠂ ᠬᠠᠰᠢᠶᠠᠯᠠᠨ ᠲᠡᠵᠢᠭᠡᠬᠦ + | ᠪᠣᠷᠳᠣᠬᠤ᠂ ᠨᠠᠶᠢᠳᠠᠨ ᠲᠡᠵᠢᠭᠡᠯᠭᠡᠬᠦ ᠣᠷᠣᠯᠠᠨ ᠲᠡᠵᠢᠭᠡᠬᠦ ᠵᠡᠷᠭᠡ ᠠᠷᠭ᠎ᠠ ᠬᠡᠯᠪᠡᠷᠢ ᠶᠢ ᠰᠦᠪᠡᠭᠴᠢᠯᠡᠵᠦ ᠣᠯᠠᠨ ᠠᠷᠭ᠎ᠠ | ᠵᠠᠮ ᠢᠶᠠᠷ ᠪᠡᠯᠴᠢᠭᠡᠷ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ ᠰᠢᠶᠳᠪᠦᠷᠢᠯᠡᠬᠦ ᠬᠡᠷᠡᠭᠲᠡᠶ᠃ ᠳᠥᠷᠪᠡ ᠳᠤ | ᠬᠠᠪᠤᠷ ᠤᠨ ᠤᠯᠠᠷᠢᠯ ᠳᠤ ᠬᠠᠮᠠᠭᠠᠯᠠᠯᠲᠠ ᠶᠢᠨ ᠴᠢᠨᠠᠷᠲᠠᠶ ᠪᠠᠷ ᠬᠤᠯᠤᠭᠠᠨᠠᠤᠰᠠᠳᠬᠠᠬᠤ᠂ ᠬᠤᠯᠤᠭᠠᠨ᠎ᠠ ᠶᠢᠨ ᠬᠢᠵᠢᠭ | ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢᠨ ᠵᠢᠯᠣᠭᠤᠳᠤᠮᠵᠢ᠂ ᠬᠠᠷᠠᠭᠤᠯ ᠡᠷᠦᠬᠡ ᠶᠢᠨ ᠬᠢᠨᠠᠨ ᠬᠡᠮᠵᠢᠯᠲᠡ ᠵᠡᠷᠭᠡ ᠡᠯ᠎ᠡ | ᠵᠦᠶᠯ ᠤᠨ ᠠᠵᠢᠯ ᠢ ᠰᠠᠶᠢᠲᠤᠷ ᠬᠢᠵᠦ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠰᠡᠷᠭᠡᠶᠢᠯᠡᠯᠲᠡ ᠶᠢᠨ | ᠱᠤᠭᠤᠮ ᠢ ᠪᠠᠬᠢᠵᠢᠭᠦᠯᠬᠦ ᠬᠡᠷᠡᠭᠲᠡᠶ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠶᠢᠨ ᠠᠵᠢᠯᠯᠠᠭ᠎ᠠ | ᠶᠢ ᠵᠡᠷᠭᠡᠪᠡᠷ ᠰᠠᠶᠢᠲᠤᠷ ᠬᠢᠵᠦ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ | ᠰᠠᠶᠢᠵᠢᠷᠠᠭᠤᠯᠤᠨ᠎ᠠ᠃ ᠲᠠᠪᠤ ᠳᠤ᠂ ᠠᠶᠤᠯᠭᠦᠶ ᠦᠶᠯᠡᠳᠪᠦᠷᠢᠯᠡᠯ ᠪᠠ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ | ᠪᠡᠯᠴᠢᠭᠡᠷ ᠤᠨ ᠲᠦᠶᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ 24 | ᠴᠠᠭ ᠢᠶᠠᠷ ᠵᠢᠵᠢᠭᠦᠷᠯᠡᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠴᠠᠭ ᠢᠮᠠᠭᠲᠠ ᠴᠢᠮᠡᠭᠡ ᠬᠤᠯᠪᠣᠭ᠎ᠠ ᠶᠢᠨ ᠰᠠᠭᠠᠳ | ᠥᠬᠡᠶ ᠨᠡᠪᠲᠡᠷᠡᠬᠦ ᠶᠢ ᠪᠠᠲᠤᠯᠠᠬᠤ ᠬᠡᠷᠡᠭᠲᠡᠶ᠃ ᠤᠬᠠᠭᠤᠯᠭ᠎ᠠ ᠬᠥᠮᠦᠵᠢᠯ ᠢ ᠤᠯᠠᠮ ᠨᠢᠭᠡ ᠠᠯᠬᠤᠮ ᠴᠢᠩᠭᠠᠷᠠᠭᠤᠯᠵᠤ᠂ | ᠬᠠᠷᠢᠶ᠎ᠠ ᠣᠷᠣᠨ ᠤ ᠦᠶᠯᠡᠳᠪᠦᠷᠢ ᠠᠭᠤᠷᠬᠠᠶ ᠶᠢᠨ ᠠᠵᠤ ᠠᠬᠤᠶᠢᠯᠠᠯ᠂ ᠪᠠᠷᠢᠯᠭ᠎ᠠ ᠶᠢᠨ ᠨᠢᠭᠡᠴᠡ᠂ ᠲᠣᠰᠣ ᠨᠡᠮᠡᠬᠦ | ᠥᠷᠲᠡᠭᠡ᠂ ᠬᠤᠪᠢ ᠶᠢᠨ ᠠᠵᠤ ᠦᠶᠯᠡᠳᠪᠦᠷᠢ ᠬᠤᠳᠠᠯᠳᠤᠭᠠᠨ ᠤ ᠡᠷᠦᠬᠡ᠂ ᠪᠠᠶᠢᠩᠭᠤ ᠰᠠᠭᠤᠭ᠎ᠠ ᠡᠷᠦᠬᠡ ᠵᠡᠷᠭᠡ ᠶᠢ | ᠲᠣᠭᠲᠠᠮᠠᠯ ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠵᠤ᠂ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠬᠦ ᠶᠢᠨ | ᠬᠠᠮᠲᠤ ᠴᠡᠭᠴᠡᠯᠡᠨ ᠰᠠᠶᠢᠵᠢᠷᠠᠭᠤᠯᠵᠤ᠂ ᠠᠰᠠᠭᠤᠳᠠᠯ ᠤᠨ ᠳᠠᠯᠳᠠ ᠬᠡᠮ ᠢ ᠴᠤᠬᠤᠶᠢᠵᠤ ᠪᠠᠶᠢᠬᠤ ᠳᠤᠨᠢ ᠠᠷᠢᠯᠭᠠᠵᠤ᠂ | ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠨ᠎ᠠ᠃ | |