ᠪᠠᠶᠠᠨᠲᠠᠯ᠎ᠠ ᠪᠠᠯᠭᠠᠰᠤ ᠦᠨᠡᠨᠴᠢ ᠢᠲᠡᠭᠡᠮᠵᠢᠲᠡᠢ ᠪᠠᠶᠢᠬᠤ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/5/9
     ᠦᠨᠡᠨᠴᠢ ᠢᠲᠡᠭᠡᠮᠵᠢᠲᠡᠢ ᠪᠠᠶᠢᠬᠤ ᠪᠣᠯ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯ ᠮᠥᠨ᠃ ᠨᠡᠶᠢᠭᠡᠮ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠦᠨᠡᠨᠴᠢ ᠢᠲᠡᠭᠡᠮᠵᠢᠲᠡᠢ ᠪᠠᠶᠢᠬᠤ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠤᠨ᠂ ᠥᠷᠭᠡᠨ ᠣᠯᠠᠨ ᠮᠠᠯᠴᠢᠨ ᠲᠦᠮᠡᠨ ᠤ ᠦᠨᠡᠨᠴᠢ ᠢᠲᠡᠭᠡᠮᠵᠢ ᠶᠢᠨ ᠦᠵᠡᠯ ᠤᠬᠠᠮᠰᠠᠷ ᠢ ᠳᠡᠭᠡᠭᠰᠢᠯᠡᠭᠦᠯᠵᠦ᠂ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠦᠯᠦᠭᠡ᠂ 4 ᠰᠠᠷ᠎ᠠ ᠶᠢᠨ 18 ᠤ ᠡᠳᠦᠷ᠂ ᠪᠠᠶᠠᠨᠲᠠᠯ᠎ᠠ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ︽ᠬᠥᠮᠥᠨ ᠪᠦᠬᠦᠨ ᠦᠨᠡᠨᠴᠢ ᠢᠲᠡᠭᠡᠮᠵᠢ ᠲᠠᠢ ᠪᠠᠶᠢᠬᠤ ᠶᠢ ᠮᠡᠳᠡᠵᠦ ᠭᠠᠵᠠᠷ ᠪᠣᠯᠭᠠᠨ ᠳᠤ ᠦᠨᠡᠨᠴᠢ ᠢᠲᠡᠭᠡᠮᠵᠢ ᠲᠠᠢ ᠪᠠᠶᠢᠬᠤ ᠶᠢ ᠡᠷᠬᠢᠮᠯᠡᠬᠦ︾ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃ ᠪᠥᠬᠦ ᠪᠠᠯᠭᠠᠰᠤᠨ ᠤ 21 ᠭᠠᠴᠠᠭᠠᠨ ᠤ ᠨᠠᠮ ᠤᠨ ᠡᠭᠦᠷ ᠤᠨ ᠱᠦᠵᠢ᠂ ᠭᠠᠴᠠᠭᠠᠨ ᠤ ᠰᠦᠯᠵᠢᠶᠡᠨ ᠤ ᠠᠵᠢᠯᠲᠠᠨ ᠵᠢᠴᠢ ᠪᠥᠬᠦ ᠺᠠᠳ᠋ᠷ ᠠᠵᠢᠯᠲᠠᠨ ᠬᠤᠷᠠᠯ ᠳᠤ ᠣᠷᠣᠯᠴᠠᠵᠠᠢ᠃      ᠬᠤᠷᠠᠯ ᠳᠡᠭᠡᠷ᠎ᠡ᠂ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠤᠬᠠᠭᠤᠯᠬᠤ ᠭᠡᠰᠢᠭᠦᠨ ᠯᠢ ᡁᠢ ᠴᠧᠨ ᠰᠢ ᠶᠢᠨ ᠫᠢᠩ ᠶᠡᠷᠦᠩᠬᠡᠢ ᠱᠦᠵᠢ ᠶᠢᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠤᠬᠠᠢ ᠴᠢᠬᠤᠯᠠ ᠥᠭᠦᠯᠡᠯᠲᠡ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠤᠭ ᠦᠨᠳᠦᠰᠦ ᠶᠢ ᠮᠥᠷᠳᠡᠬᠦ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠴᠢᠬᠤᠯᠠ ᠴᠢᠨᠠᠷ ᠵᠡᠷᠭᠡ ᠠᠭᠤᠯᠭ᠎ᠠ ᠶᠢᠨ ᠲᠣᠭᠤᠷᠢᠨ ᠳᠤ᠂ ᠪᠣᠳᠠᠲᠤ ᠠᠮᠢᠳᠤᠷᠠᠯ ᠤᠨ ᠳᠤᠮᠳᠠᠬᠢ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠦᠨᠡᠨᠴᠢ ᠢᠲᠡᠭᠡᠮᠵᠢ ᠶᠢᠨ ᠬᠤᠪᠢ ᠬᠥᠮᠥᠨ ᠤ ᠬᠥᠭᠵᠢᠯᠲᠡ᠂ ᠨᠡᠶᠢᠭᠡᠮ ᠤᠨ ᠡᠶ᠎ᠡ ᠵᠣᠬᠢᠴᠠᠯ ᠴᠢᠨᠠᠭᠰᠢᠯᠠᠪᠠᠯ ᠨᠡᠶᠢᠭᠡᠮ ᠤᠨ ᠳᠠᠪᠰᠢᠯᠲᠠ ᠶᠢᠨ ᠳᠤᠮᠳᠠᠬᠢ ᠵᠠᠩᠭᠢᠯᠠᠭ᠎ᠠ ᠶᠢᠨ ᠦᠢᠯᠡᠳᠦᠯ ᠢ ᠭᠦᠨᠵᠡᠭᠡᠢ ᠪᠥᠭᠡᠳ ᠣᠶᠢᠯᠠᠭᠠᠮᠵᠢᠲᠠᠢ ᠪᠠᠷ ᠲᠣᠳᠣᠷᠬᠠᠶᠢᠯᠠᠨ ᠥᠭᠦᠯᠡᠵᠦ᠂ ᠡᠭᠦᠨ ᠤ ᠬᠠᠮᠲᠤ ᠤᠯᠠᠨ ᠢ ᠤᠷᠢᠶᠠᠯᠠᠨ ᠦᠨᠡᠨᠴᠢ ᠢᠲᠡᠭᠡᠮᠵᠢ ᠶᠢᠨ ᠤᠬᠠᠮᠰᠠᠷ ᠢᠶᠠᠨ ᠳᠡᠭᠡᠭᠰᠢᠯᠡᠭᠦᠯᠵᠦ᠂ ᠦᠨᠡᠨᠴᠢ ᠢᠲᠡᠭᠡᠮᠵᠢ  ᠲᠠᠢ ᠦᠭᠡ ᠶᠠᠷᠢᠵᠤ᠂ ᠦᠨᠡᠨᠴᠢ ᠢᠲᠡᠭᠡᠮᠵᠢ ᠲᠠᠢ ᠠᠵᠢᠯ ᠬᠢᠵᠦ᠂ ᠦᠨᠡᠨᠴᠢ ᠢᠲᠡᠭᠡᠮᠵᠢ ᠲᠠᠢ ᠬᠥᠮᠥᠨ ᠪᠣᠯᠵᠤ᠂ ᠰᠠᠶᠢᠨ ᠰᠠᠶᠢᠬᠠᠨ ᠦᠨᠡᠨᠴᠢ ᠢᠲᠡᠭᠡᠮᠵᠢ ᠶᠢᠨ ᠵᠠᠩ ᠳᠠᠳᠬᠠᠯ ᠢ ᠬᠥᠮᠥᠵᠢᠭᠦᠯᠵᠦ᠂ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠳᠤ ᠢᠳᠡᠪᠬᠢᠲᠡᠢ ᠣᠷᠣᠯᠴᠠᠵᠤ᠂ ᠦᠨᠡᠨᠴᠢ ᠢᠲᠡᠭᠡᠮᠵᠢ ᠲᠠᠢ ᠰᠠᠶᠢᠨ ᠰᠠᠶᠢᠬᠠᠨ ᠨᠡᠶᠢᠭᠡᠮ ᠤᠨ ᠣᠷᠴᠢᠨ ᠲᠣᠭᠤᠷᠢᠨ ᠢ ᠬᠠᠮᠲᠤᠪᠠᠷ ᠪᠤᠢ ᠪᠣᠯᠭᠠᠬᠤ ᠶᠢ ᠣᠷᠢᠶᠠᠯᠠᠪᠠ᠃      ᠤᠯᠠᠨ ᠢᠶᠠᠷ ᠢᠶᠠᠨ ᠤᠬᠠᠭᠤᠯᠤᠨ ᠲᠠᠶᠢᠯᠪᠤᠷᠢᠯᠠᠬᠤ ᠠᠭᠤᠯᠭ᠎ᠠ ᠶᠢ ᠨᠠᠷᠢᠨ ᠬᠢᠨᠠᠮᠠᠭᠠᠢ ᠰᠤᠷᠤᠯᠴᠠᠨ ᠰᠣᠨᠣᠰᠴᠤ᠂ ᠢᠳᠡᠪᠬᠢᠲᠡᠢ ᠪᠠᠷ ᠶᠠᠷᠢᠶ᠎ᠠ ᠲᠠᠯᠪᠢᠵᠤ᠂ ᠥᠪᠡᠷ ᠤᠨ ᠲᠥᠷᠥᠭᠳᠡᠯ ᠲᠠᠢ ᠪᠠᠨ ᠤᠶᠠᠯᠳᠤᠭᠤᠯᠵᠤ᠂ ᠦᠨᠡᠨᠴᠢ ᠢᠲᠡᠭᠡᠮᠵᠢᠲᠡᠢ ᠪᠠᠶᠢᠬᠤ ᠳᠤ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ︽ᠢᠲᠡᠭᠡᠮᠵᠢ ᠶᠢ ᠮᠡᠳᠡᠬᠦ᠂ ᠢᠲᠡᠭᠡᠮᠵᠢ ᠶᠢ ᠬᠡᠷᠡᠭᠯᠡᠬᠦ᠂ ᠢᠲᠡᠭᠡᠮᠵᠢ ᠶᠢ ᠰᠠᠬᠢᠬᠤ︾ ᠶᠢ ᠪᠡᠶᠡᠯᠡᠭᠦᠯᠵᠦ᠂ ᠥᠪᠡᠷ ᠤᠨ ᠦᠨᠡᠨᠴᠢ ᠢᠲᠡᠭᠡᠮᠵᠢᠲᠡᠢ ᠶᠣᠰᠣ ᠰᠤᠷᠲᠠᠬᠤᠨ ᠤ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠨᠡᠨᠴᠢ ᠢᠲᠡᠭᠡᠮᠵᠢᠲᠡᠢ ᠪᠠᠶᠢᠬᠤ ᠶᠢᠨ ᠤᠯᠠᠮᠵᠢᠯᠠᠭᠴᠢ ᠪᠣᠯᠬᠤ ᠪᠠᠷ ᠴᠢᠷᠮᠠᠶᠢᠵᠤ᠂ ᠬᠥᠮᠥᠨ ᠪᠦᠬᠦᠨ ᠦᠨᠡᠨᠴᠢ ᠢᠲᠡᠭᠡᠮᠵᠢᠲᠡᠢ ᠪᠠᠶᠢᠬᠤ ᠶᠢ ᠮᠡᠳᠡᠬᠦ᠂ ᠭᠠᠵᠠᠷ ᠪᠣᠯᠭᠠᠨ ᠳᠤ ᠦᠨᠡᠨᠴᠢ ᠢᠲᠡᠭᠡᠮᠵᠢᠲᠡᠢ ᠪᠠᠶᠢᠬᠤ ᠶᠢ ᠡᠷᠬᠢᠮᠯᠡᠬᠦ ᠡᠶ᠎ᠡ ᠵᠣᠬᠢᠴᠠᠩᠭᠤᠢ ᠠᠭᠤᠷ ᠠᠮᠢᠰᠬᠤᠯ ᠢ ᠪᠤᠢ ᠪᠣᠯᠭᠠᠨ᠎ᠠ ᠭᠡᠵᠦ ᠢᠯᠡᠳᠬᠡᠵᠡᠭᠡᠪᠡ᠃      ᠳᠠᠷᠠᠭᠠᠴᠢ ᠶᠢᠨ ᠠᠯᠬᠤᠮ ᠳᠤ᠂ ᠪᠠᠶᠠᠨᠲᠠᠯ᠎ᠠ  ᠪᠠᠯᠭᠠᠰᠣᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠤᠨ ᠬᠢᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠭᠤᠣᠯ ᠰᠡᠳᠦᠪᠲᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠦᠨᠡᠨᠴᠢ ᠢᠲᠡᠭᠡᠮᠵᠢ ᠶᠢᠨ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠬᠥᠮᠥᠨ ᠨᠢᠭᠡᠪᠦᠷᠢ ᠶᠢᠨ ᠡᠳᠦᠷ ᠲᠤᠳᠤᠮ ᠤᠨ ᠠᠮᠢᠳᠤᠷᠠᠯ ᠳᠤ ᠠᠭᠤᠰᠤᠯᠴᠠᠭᠤᠯᠬᠤ ᠪᠠᠷ ᠴᠢᠷᠮᠠᠶᠢᠨ᠂ ᠤᠯᠠᠨ ᠲᠦᠮᠡᠨ ᠤ ᠠᠷᠠᠳ ᠢᠷᠭᠡᠳ ᠤᠨ ᠦᠨᠳᠦᠰᠦᠨ ᠶᠣᠰᠣ ᠰᠤᠷᠲᠠᠬᠤᠨ ᠤ ᠵᠢᠷᠤᠮᠵᠢᠯ ᠢ ᠦᠢᠯᠡᠳᠦᠯᠭᠡᠵᠢᠭᠦᠯᠬᠦ ᠤᠬᠠᠮᠰᠠᠷᠲᠤ ᠴᠢᠨᠠᠷ ᠢ ᠳᠡᠭᠡᠭᠰᠢᠯᠡᠭᠦᠯᠵᠦ᠂ ᠪᠣᠯᠪᠠᠰᠤᠨ ᠡᠶ᠎ᠡ ᠵᠣᠬᠢᠴᠠᠩᠭᠤᠢ ᠨᠡᠶᠢᠭᠡᠮ ᠢ ᠪᠠᠶᠢᠭᠤᠯᠬᠤ ᠳᠤ ᠬᠤᠪᠢ ᠨᠡᠮᠡᠷᠢ ᠪᠠᠨ ᠦᠵᠡᠭᠦᠯᠬᠦ ᠪᠣᠯᠣᠨ᠎ᠠ᠃ 
 
ᠢᠷᠡᠯᠲᠡ᠄ ᠪᠠᠶᠠᠨᠲᠠᠯ᠎ᠠ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号