ᠪᠠᠶᠠᠨᠲᠠᠯ᠎ᠠ ᠪᠠᠯᠭᠠᠰᠤ ᠲᠣᠣᠷᠴᠢᠯᠠᠭᠰᠠᠨ ᠠᠵᠢᠯᠲᠠᠳ ᠤᠨ ᠳᠤᠬᠠᠶᠢᠯᠠᠭᠰᠠᠨ ᠠᠵᠢᠯ ᠤᠨ ᠬᠡᠪ ᠴᠢᠨᠠᠷ ᠳᠡᠭᠡᠭᠰᠢᠯᠡᠭᠦᠯᠬᠦ ᠳᠣᠰᠬᠠᠢ ᠰᠡᠳᠦᠪᠲᠦ ᠪᠣᠯᠪᠠᠰᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2025/5/9
    ᠲᠣᠣᠷᠴᠢᠯᠠᠭᠰᠠᠨ ᠠᠵᠢᠯᠲᠠᠨ ᠤᠨ ᠳᠤᠬᠠᠶᠢᠯᠠᠭᠰᠠᠨ ᠠᠵᠢᠯ ᠤᠨ ᠴᠢᠳᠠᠪᠤᠷᠢ᠂ ᠠᠷᠠᠳ ᠲᠤ ᠦᠢᠯᠡᠴᠢᠯᠡᠬᠦ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ 4 ᠰᠠᠷ᠎ᠠ ᠶᠢᠨ 18 ᠤ ᠡᠳᠦᠷ᠂ ᠪᠠᠶᠠᠨᠲᠠᠯ᠎ᠠ  ᠪᠠᠯᠭᠠᠰᠤ ᠲᠣᠣᠷᠴᠢᠯᠠᠭᠰᠠᠨ ᠠᠵᠢᠯᠲᠠᠳ ᠤᠨ ᠳᠤᠬᠠᠶᠢᠯᠠᠭᠰᠠᠨ ᠠᠵᠢᠯ ᠤᠨ ᠬᠡᠪ ᠴᠢᠨᠠᠷ ᠢ ᠳᠡᠭᠡᠭᠰᠢᠯᠡᠭᠦᠯᠬᠦ ᠳᠣᠰᠬᠠᠢ ᠰᠡᠳᠦᠪᠲᠦ ᠪᠣᠯᠪᠠᠰᠤᠷᠠᠯ ᠥᠷᠨᠢᠭᠦᠯᠪᠡ᠂ ᠬᠤᠷᠠᠯ ᠢ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ ᠴᠣᠭᠪᠠᠶᠠᠷ ᠡᠷᠬᠢᠯᠡᠵᠦ᠂ ᠪᠠᠯᠭᠠᠰᠤᠨ ᠤ ᠪᠥᠬᠦ ᠺᠠᠳ᠋ᠷ ᠠᠵᠢᠯᠲᠠᠨ᠂ ᠡᠯ᠎ᠡ ᠭᠠᠴᠠᠭᠠᠨ ᠤ ᠲᠣᠣᠷᠴᠢᠯᠠᠭᠰᠠᠨ ᠠᠵᠢᠯᠲᠠᠨ ᠪᠣᠯᠪᠠᠰᠤᠷᠠᠯ ᠳᠤ ᠣᠷᠣᠯᠴᠠᠵᠠᠢ᠃     ᠬᠤᠷᠠᠯ ᠳᠡᠭᠡᠷ᠎ᠡ᠂ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ ᠴᠣᠭᠪᠠᠶᠠᠷ ᠲᠣᠣᠷᠴᠢᠯᠠᠭᠰᠠᠨ ᠠᠵᠢᠯᠲᠠᠨ ᠤ ᠠᠵᠢᠯ ᠤᠨ ᠡᠭᠦᠷᠭᠡ ᠬᠠᠷᠢᠭᠤᠴᠠᠯᠭ᠎ᠠ᠂ ᠰᠦᠯᠵᠢᠶᠡᠨ ᠤ ᠦᠢᠯᠡᠴᠢᠯᠡᠭᠡᠨ ᠤ ᠠᠭᠤᠯᠭ᠎ᠠ᠂ ᠰᠦᠯᠵᠢᠶᠡᠨ ᠤ ᠠᠵᠢᠯᠲᠠᠨ ᠤ ᠬᠡᠪ ᠴᠢᠨᠠᠷ ᠪᠠ ᠴᠢᠳᠠᠪᠤᠷᠢ ᠵᠡᠷᠭᠡ ᠠᠭᠤᠯᠭ᠎ᠠ ᠶᠢᠨ ᠲᠣᠭᠤᠷᠢᠨ ᠳᠤ ᠪᠣᠯᠪᠠᠰᠤᠷᠠᠯ ᠥᠷᠨᠢᠭᠦᠯᠪᠡ᠃     ᠬᠤᠷᠠᠯ ᠠᠴᠠ᠂ ᠨᠢᠭᠡ ᠳᠤ᠂ ᠦᠵᠡᠯ ᠰᠠᠨᠠᠭ᠎ᠠ ᠲᠠᠨᠢᠯᠲᠠ ᠪᠠᠨ ᠦᠨᠡᠨᠬᠦ ᠳᠡᠭᠡᠭᠰᠢᠯᠡᠭᠦᠯᠵᠦ᠂ ᠲᠣᠣᠷᠴᠢᠯᠠᠭᠰᠠᠨ ᠠᠵᠢᠯᠲᠠᠨ ᠤ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠦᠢᠯᠡᠴᠢᠯᠡᠭᠡᠨ ᠤ ᠤᠬᠠᠮᠰᠠᠷ ᠢᠶᠠᠨ ᠳᠡᠭᠡᠭᠰᠢᠯᠡᠭᠦᠯᠦᠨ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠵᠦ᠂ ᠰᠠᠨᠠᠭᠠᠴᠢᠯᠠᠭ᠎ᠠ ᠠᠴᠠ ᠪᠠᠨ ᠤᠯᠠᠨ ᠲᠦᠮᠡᠨ ᠲᠠᠢ ᠣᠯᠣᠯᠴᠠᠨ ᠰᠣᠯᠢᠯᠴᠠᠵᠤ᠂ ᠤᠯᠠᠨ ᠲᠦᠮᠡᠨ ᠲᠠᠢ ᠬᠠᠷᠢᠯᠴᠠᠬᠤ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠦᠨᠡᠨᠬᠦ ᠰᠠᠶᠢᠲᠤᠷ ᠪᠠᠳᠠᠷᠠᠭᠤᠯᠵᠤ᠂ ᠤᠯᠠᠨ ᠲᠦᠮᠡᠨ ᠤ ᠳᠡᠷᠭᠡᠳᠡᠬᠢ ᠬᠠᠨᠤᠮᠵᠢᠲᠠᠢ ᠰᠦᠯᠵᠢᠶᠡᠨ ᠤ ᠠᠵᠢᠯᠲᠠᠨ ᠪᠣᠯᠬᠤ ᠬᠡᠷᠡᠭᠲᠡᠢ᠃ ᠬᠤᠶᠠᠷ ᠲᠤ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠡᠶᠡᠳᠡᠭᠦᠯᠦᠨ ᠰᠢᠢᠳᠪᠦᠷᠢᠯᠡᠬᠦ ᠠᠵᠢᠯ ᠢ ᠰᠠᠶᠢᠲᠤᠷ ᠬᠢᠵᠦ᠂ ᠰᠦᠯᠵᠢᠶᠡᠨ ᠤ ᠠᠵᠢᠯᠲᠠᠨ ᠪᠠ ᠬᠥᠮᠥᠨ ᠪᠦᠷᠢ ᠳᠤ ᠳᠠᠳᠮᠠᠭᠠᠢ᠂ ᠭᠠᠵᠠᠷ ᠲᠤ ᠳᠠᠳᠮᠠᠭᠠᠢ᠂ ᠪᠠᠶᠢᠳᠠᠯ ᠳᠤ ᠳᠠᠳᠮᠠᠭᠠᠢ ᠪᠠᠶᠢᠬᠤ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠡᠳᠦᠷ ᠲᠤᠲᠤᠮ ᠤᠨ ᠲᠣᠭᠤᠷᠢᠨ ᠪᠠᠶᠢᠴᠠᠭᠠᠵᠤ ᠰᠤᠷᠪᠤᠯᠵᠢᠯᠠᠬᠤ ᠠᠵᠢᠯ ᠢ ᠰᠠᠶᠢᠲᠤᠷ ᠬᠢᠵᠦ᠂ ᠰᠦᠯᠵᠢᠶᠡᠨ ᠤ ᠳᠣᠲᠣᠷᠠᠬᠢ ᠠᠷᠠᠳ ᠤᠨ ᠰᠠᠨᠠᠭ᠎ᠠ ᠬᠦᠰᠡᠯ ᠱᠠᠭᠠᠷᠳᠠᠯᠭ᠎ᠠ᠂ ᠵᠥᠷᠢᠴᠡᠯ ᠵᠢᠭᠤᠷᠠᠯᠳᠤᠭᠠᠨ ᠵᠡᠷᠭᠡ ᠪᠠᠶᠢᠳᠠᠯ ᠤᠨ ᠰᠦᠪᠡᠭᠴᠢ ᠶᠢ ᠴᠠᠭ ᠲᠤᠬᠠᠢ ᠳᠤᠨᠢ ᠢᠯᠡᠷᠡᠭᠦᠯᠦᠨ ᠳᠡᠭᠡᠭᠰᠢ ᠮᠡᠳᠡᠭᠦᠯᠵᠦ᠂ ᠴᠠᠭ ᠲᠤᠬᠠᠢ ᠳᠤᠨᠢ ᠡᠮᠬᠢᠯᠡᠨ ᠳᠢᠭᠯᠡᠵᠦ᠂ ᠡᠶᠡᠳᠡᠭᠦᠯᠦᠨ ᠰᠢᠢᠳᠪᠦᠷᠢᠯᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠵᠥᠷᠢᠴᠡᠯ ᠵᠢᠭᠤᠷᠠᠯᠳᠤᠭᠠᠨ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠰᠢᠢᠳᠪᠦᠷᠢᠯᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠭᠤᠷᠪᠠ ᠳᠤ᠂ ᠲᠤᠤᠷᠴᠢᠯᠠᠭᠰᠠᠨ ᠦᠢᠯᠡᠴᠢᠯᠡᠭᠡᠨ ᠤ ᠬᠠᠮᠢᠶᠠᠷᠤᠯᠲᠠ ᠶᠢ ᠴᠢᠩᠭᠠᠳᠬᠠᠵᠤ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠴᠤᠭᠯᠠᠭᠤᠯᠬᠤ᠂ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠬᠤ᠂ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠬᠤ᠂ ᠣᠨᠴᠠᠭᠠᠢ ᠬᠥᠮᠥᠰ ᠢ ᠬᠠᠮᠢᠶᠠᠷᠬᠤ ᠵᠡᠷᠭᠡ ᠠᠵᠢᠯ ᠪᠣᠯᠣᠨ ᠦᠢᠯᠡᠴᠢᠯᠡᠭᠡ ᠶᠢ ᠰᠠᠶᠢᠲᠤᠷ ᠬᠢᠵᠦ᠂ ᠤᠯᠠᠨ ᠲᠦᠮᠡᠨ ᠤ ᠬᠦᠴᠢᠷ ᠵᠣᠪᠠᠭᠤᠷᠢ ᠶᠢ ᠢᠳᠡᠪᠬᠢᠲᠡᠢ ᠰᠢᠢᠳᠪᠦᠷᠢᠯᠡᠵᠦ᠂ ᠵᠥᠷᠢᠴᠡᠯ ᠢ ᠰᠢᠢᠳᠪᠦᠷᠢᠯᠡᠵᠦ᠂ ᠳᠣᠲᠣᠨᠣ ᠦᠢᠯᠡᠴᠢᠯᠡᠭᠡ ᠶᠢ ᠲᠣᠣᠷ ᠲᠤ ᠢᠯᠡᠷᠡᠭᠦᠯᠵᠦ᠂ ᠠᠮᠤᠷ ᠲᠦᠪᠰᠢᠨ ᠤ ᠪᠠᠶᠢᠭᠤᠯᠤᠯᠲᠠ ᠶᠢᠨ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠬᠡᠷᠡᠭᠲᠡᠢ ᠴᠢᠨᠬᠤᠯᠴᠢᠯᠠᠪᠠ᠃ 
 
ᠢᠷᠡᠯᠲᠡ᠄ ᠪᠠᠶᠠᠨᠲᠠᠯ᠎ᠠ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号