ᠪᠠᠶᠠᠨᠲᠠᠯ᠎ᠠ ᠪᠠᠯᠭᠠᠰᠤᠨ ᠤ ᠵᠠᠯᠠᠭᠤᠴᠤᠳ ᠤᠨ ᠭᠠᠪᠰᠢᠭᠠᠶ ᠠᠩᠭᠢ ᠣᠷᠣᠰᠢᠨ ᠰᠠᠭᠤᠬᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/5/9
    ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠳᠦᠷᠰᠦ ᠪᠠᠶᠢᠳᠠᠯ ᠢ ᠴᠢᠨᠠᠭᠰᠢᠳᠠ ᠰᠠᠶᠢᠵᠢᠷᠠᠭᠤᠯᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠷᠢᠭᠤᠴᠠᠯᠭ᠎ᠠ ᠶᠢ ᠢᠳᠡᠪᠬᠢᠲᠡᠢ ᠨᠡᠶᠢᠳᠠᠪᠦᠷᠢᠵᠢᠭᠤᠯᠣᠨ᠂ ᠠᠮᠢ ᠠᠬᠤᠢ ᠶᠢᠨ ᠪᠣᠯᠪᠠᠰᠤᠨ ᠤ ᠠᠵᠢᠯᠯᠠᠭ᠎ᠠ ᠶᠢᠨ ᠭᠦᠨᠵᠡᠭᠡᠶᠢᠷᠡᠨ ᠬᠥᠭᠵᠢᠬᠦ ᠶᠢ ᠦᠷᠭᠦᠯᠵᠢᠯᠡᠨ ᠠᠬᠢᠭᠤᠯᠬᠤ ᠶᠢᠨ ᠲᠥᠯᠥᠭᠡ᠂ 2025 ᠣᠨ ᠤ 4 ᠰᠠᠷ᠎ᠠ ᠶᠢᠨ 16 ᠤ ᠡᠳᠦᠷ᠂ ᠪᠠᠶᠠᠨᠲᠠᠯ᠎ᠠ ᠪᠠᠯᠭᠠᠰᠤᠨ ᠤ ᠡᠪᠯᠡᠯ ᠤᠨ ᠬᠤᠷᠢᠶ᠎ᠠ ᠵᠠᠯᠠᠭᠤᠴᠤᠳ ᠤᠨ ᠭᠠᠪᠰᠢᠭᠠᠢ ᠠᠩᠬᠢ ᠶᠢᠨ ᠭᠡᠰᠢᠭᠦᠳ ᠢ ᠵᠣᠬᠢᠶᠠᠨ ᠪᠠᠶᠢᠭᠤᠯᠵᠤ᠂ ᠪᠠᠯᠭᠠᠰᠤᠨ ᠤ ᠪᠠᠶᠢᠭ᠎ᠠ ᠭᠠᠵᠠᠷ ᠵᠢᠴᠢ ᠡᠷᠬᠢᠨ ᠲᠣᠭᠤᠷᠢᠨ ᠤ ᠨᠤᠲᠤᠭ ᠪᠡᠯᠴᠢᠭᠡᠷ ᠲᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠴᠡᠪᠡᠷᠯᠡᠭᠡ  ᠶᠢᠨ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠳᠤᠮᠳᠠ᠂ ᠵᠠᠯᠠᠭᠤᠴᠤᠳ ᠤᠨ ᠭᠠᠪᠰᠢᠭᠠᠢ ᠠᠩᠭᠢ ᠶᠢᠨ ᠭᠡᠰᠢᠭᠦᠳ ᠠᠵᠢᠯᠯᠠᠭ᠎ᠠ ᠥᠷᠨᠢᠭᠦᠯᠬᠦ ᠠᠴᠠ ᠡᠮᠦᠨ᠎ᠡ ᠪᠡᠯᠡᠳᠬᠡᠭᠰᠡᠨ ᠬᠤᠭ ᠨᠣᠪᠰᠢ ᠶᠢᠨ ᠤᠭᠤᠲᠠ ᠪᠠ ᠬᠤᠭ ᠨᠣᠪᠰᠢ ᠲᠡᠭᠦᠬᠦ ᠬᠠᠪᠴᠢᠭᠤᠷ ᠢᠶᠠᠨ ᠠᠳᠬᠤᠵᠤ᠂ 《 ᠬᠦᠴᠢᠷ ᠠᠴᠠ ᠠᠶᠤᠬᠤ ᠦᠭᠡᠢ᠂ ᠪᠤᠵᠠᠷ ᠠᠴᠠ ᠠᠶᠤᠬᠤ ᠦᠭᠡᠢ᠂ ᠶᠠᠳᠠᠷᠠᠬᠤ ᠠᠴᠠ ᠠᠶᠤᠬᠤ ᠦᠭᠡᠢ 》 ᠵᠣᠷᠢᠭ ᠰᠠᠨᠠᠭ᠎ᠠ ᠶᠢ ᠢᠳᠡᠪᠬᠢᠲᠡᠢ ᠪᠠᠳᠠᠷᠠᠭᠤᠯᠵᠤ᠂ ᠬᠤᠭ ᠨᠣᠪᠰᠢ ᠶᠢ  ᠪᠦᠬᠦ ᠲᠠᠯ᠎ᠠ  ᠪᠠᠷ  ᠴᠡᠪᠡᠷᠯᠡᠨ ᠂  ᠤᠷᠦᠰᠢᠨ ᠰᠠᠭᠤᠷᠢᠰᠢᠬᠤ ᠣᠷᠴᠢᠨ ᠲᠣᠭᠤᠷᠢᠨ ᠶᠢ ᠴᠡᠭᠴᠡᠯᠡᠨ ᠰᠠᠶᠢᠵᠢᠷᠠᠭᠤᠯᠪᠠ᠃ ᠤᠯᠠᠨ ᠢᠶᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠭᠰᠠᠨ ᠢᠶᠠᠷ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠪᠦᠲᠦᠮᠵᠢᠲᠡᠢ ᠰᠠᠶᠢᠵᠢᠷᠠᠵᠤ᠂ ᠣᠷᠴᠢᠨ ᠲᠣᠭᠤᠷᠢᠨ ᠤ ᠳᠦᠷᠰᠦ ᠪᠠᠶᠢᠳᠠᠯ ᠰᠢᠨᠡᠳᠴᠦ᠂ ᠥᠷᠭᠡᠨ ᠤᠯᠠᠨ ᠲᠦᠮᠡᠨ ᠳᠤ ᠠᠷᠢᠭᠤᠨ ᠴᠡᠪᠡᠷ᠂ ᠴᠡᠪᠡᠷ ᠲᠡᠭᠰᠢ ᠡᠮᠬᠢ ᠳᠢᠭᠯᠢᠮ ᠲᠠᠢ᠂ ᠭᠤᠶᠤ ᠰᠠᠶᠢᠬᠠᠨ ᠪᠣᠯᠪᠠᠰᠤᠨ ᠠᠮᠢᠳᠤᠷᠠᠯ ᠤᠨ ᠣᠷᠴᠢᠨ ᠲᠣᠭᠤᠷᠢᠨ ᠢ ᠪᠤᠢ ᠪᠣᠯᠭᠠᠵᠤ ᠥᠭᠴᠡᠢ᠃    ᠬᠤᠶᠢᠰᠢᠳᠠ᠂ ᠪᠠᠶᠠᠨᠲᠠᠯ᠎ᠠ ᠪᠠᠯᠭᠠᠰᠤᠨ ᠤ ᠡᠪᠯᠡᠯ ᠤᠨ ᠬᠤᠷᠢᠶ᠎ᠠ ᠦᠷᠭᠦᠯᠵᠢᠯᠡᠨ ᠵᠠᠯᠠᠭᠤᠴᠤᠳ ᠤᠨ ᠭᠠᠪᠰᠢᠭᠠᠢ ᠠᠩᠬᠢ ᠶᠢ ᠵᠣᠬᠢᠶᠠᠨ ᠪᠠᠶᠢᠭᠤᠯᠵᠤ ᠤᠯᠠᠨ ᠬᠡᠯᠪᠡᠷᠢ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠠᠮᠲᠤ ᠪᠠᠷ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠬᠦᠬᠦ  ᠶᠢᠨ ᠬᠠᠮᠲᠤ᠂ ᠬᠠᠮᠢᠶ᠎ᠠ ᠪᠥᠬᠦᠶ ᠰᠠᠯᠠᠭ᠎ᠠ ᠮᠥᠴᠢᠷ ᠯᠦᠭᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠥᠳᠡᠭᠡ ᠲᠣᠰᠬᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠶᠢ ᠬᠠᠮᠲᠤ ᠪᠠᠷ ᠠᠬᠢᠭᠤᠯᠤᠨ᠎ᠠ᠃
 
ᠢᠷᠡᠯᠲᠡ᠄ ᠪᠠᠶᠠᠨᠲᠠᠯ᠎ᠠ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号