ᠪᠠᠶᠠᠨᠲᠠᠯ᠎ᠠ ᠪᠠᠯᠭᠠᠰᠤ ᠣᠷᠣᠰᠢᠨ ᠰᠠᠭᠤᠬᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2025/5/9
    ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠳᠦᠷᠢ ᠲᠥᠷᠬᠦ ᠶᠢ ᠦᠷᠭᠦᠯᠵᠢᠯᠡᠨ ᠰᠠᠶᠢᠵᠢᠷᠠᠭᠤᠯᠵᠤ᠂ ᠴᠡᠪᠡᠷ ᠴᠡᠮᠴᠡᠭᠡᠷ᠂ ᠲᠠᠭᠠᠯᠠᠮᠵᠢᠲᠠᠶ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠥᠯᠥᠭᠡ᠂ 4 ᠰᠠᠷ᠎ᠠ ᠶᠢᠨ 16 ᠤ ᠡᠳᠦᠷ᠂ ᠪᠠᠶᠠᠨᠲᠠᠯ᠎ᠠ ᠪᠠᠯᠭᠠᠰᠤᠨ ᠤ ᠪᠠᠶᠢᠭᠤᠯᠭ᠎ᠠ᠂ ᠬᠠᠷᠢᠶ᠎ᠠ ᠠᠵᠢᠯ ᠦᠶᠯᠡᠰ ᠤᠨ ᠨᠢᠭᠡᠴᠢ ᠶᠢᠨ  ᠬᠢᠨ ᠲᠣᠮᠢᠯᠠᠭᠰᠠᠨ ᠰᠠᠯᠪᠤᠷᠢ᠂ ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ᠂ ᠡᠷᠡᠭᠦᠯ ᠬᠠᠮᠠᠭᠠᠯᠠᠯ ᠤᠨ ᠬᠤᠷᠢᠶ᠎ᠠ ᠲᠠᠢ ᠬᠠᠮᠲᠤᠷᠠᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ ᠪᠠᠯᠭᠠᠰᠤᠨ ᠤ ᠪᠠᠶᠢᠭ᠎ᠠ ᠭᠠᠵᠠᠷ ᠪᠣᠯᠤᠨ ᠭᠤᠤᠯ ᠵᠠᠮ ᠱᠤᠭᠤᠮ ᠤᠨ ᠬᠤᠶᠠᠷ ᠬᠠᠵᠠᠭᠤ ᠵᠡᠷᠭᠡ ᠭᠠᠵᠠᠷ ᠣᠷᠣᠨ ᠢ ᠴᠡᠪᠡᠷᠯᠡᠬᠦ ᠠᠵᠢᠯᠯᠠᠭ᠎ᠠ ᠥᠷᠨᠢᠭᠦᠯᠪᠡ᠃     ᠠᠵᠢᠯᠯᠠᠭ᠎ᠠ ᠳᠤᠮᠳᠠ᠂ ᠪᠥᠬᠦ ᠬᠥᠮᠦᠰ ᠪᠤᠵᠠᠷ ᠠᠴᠠ ᠠᠶᠤᠬᠤ ᠥᠬᠡᠶ᠂ ᠶᠠᠳᠠᠷᠠᠬᠤ ᠠᠴᠠ ᠠᠶᠤᠬᠤ ᠥᠬᠡᠶ ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠶᠴᠡᠳ ᠢᠯᠡᠷᠡᠭᠦᠯᠵᠦ᠂ ᠪᠠᠭᠠᠵᠢ ᠬᠡᠷᠡᠭᠰᠡᠯ ᠪᠠᠷᠢᠵᠤ᠂ ᠠᠵᠢᠯ ᠬᠤᠪᠢᠶᠠᠷᠢᠯᠠᠨ ᠬᠠᠮᠵᠢᠯᠴᠠᠵᠤ᠂ ᠪᠠᠯᠭᠠᠰᠤᠨ ᠤ ᠲᠣᠭᠤᠷᠢᠭ ᠤᠨ ᠭᠤᠤᠯ ᠵᠠᠮ ᠳᠠᠭᠠᠤ ᠵᠢᠴᠢ ᠣᠯᠠᠨ ᠨᠡᠶᠢᠲᠡ ᠶᠢᠨ ᠲᠣᠭᠤᠷᠢᠭ ᠤᠨ ᠠᠮᠢᠳᠤᠷᠠᠯ ᠤᠨ ᠬᠤᠭ ᠨᠣᠪᠰᠢ ᠶᠢ ᠪᠥᠬᠦ ᠲᠠᠯ᠎ᠠ ᠪᠠᠷ ᠴᠡᠪᠡᠷᠯᠡᠬᠦ ᠪᠠ ᠨᠢᠭᠡᠳᠦᠯᠲᠡᠶ ᠲᠡᠭᠡᠭᠡᠪᠦᠷᠢᠯᠡᠵᠦ᠂ ᠳᠠᠷᠠᠭᠠᠯᠠᠨ  ᠴᠡᠭᠴᠡᠯᠡᠨ ᠵᠠᠰᠠᠬᠤ ᠶᠢ ᠪᠡᠶᠡᠯᠡᠭᠦᠯᠵᠦ᠂  ᠥᠨᠴᠥᠭ ᠪᠤᠯᠤᠩ ᠥᠬᠡᠶ ᠦᠯᠡᠳᠡᠭᠡᠯ ᠦᠭᠡᠢ᠂ ᠪᠦᠬᠦᠨ ᠢ ᠪᠦᠷᠬᠦᠭᠦᠯᠬᠦ ᠶᠢ ᠪᠠᠲᠤᠯᠠᠪᠠ᠃     ᠲᠠᠷᠠᠭᠠᠴᠢ ᠶᠢᠨ ᠠᠯᠬᠤᠮ ᠳᠤ᠂ ᠪᠠᠶᠠᠨᠲᠠᠯ᠎ᠠ ᠪᠠᠯᠭᠠᠰᠤ ᠬᠠᠷᠢᠭᠤᠴᠠᠯᠭ᠎ᠠ ᠡᠭᠦᠷᠭᠡᠯᠡᠯ ᠢᠶᠠᠨ ᠦᠷᠭᠦᠯᠵᠢᠯᠡᠨ ᠴᠢᠩᠭᠠᠳᠬᠠᠵᠤ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠭᠦᠨᠵᠡᠭᠡᠶ ᠠᠬᠢᠭᠤᠯᠬᠤ ᠶᠢᠨ ᠬᠠᠮᠲᠤ ᠣᠯᠠᠨ ᠬᠡᠯᠪᠡᠷᠢ᠂ ᠣᠯᠠᠨ ᠠᠷᠭ᠎ᠠ ᠵᠠᠮ ᠢᠶᠠᠷ ᠤᠬᠠᠭᠤᠯᠤᠨ ᠬᠥᠲᠥᠯᠥᠨ ᠵᠢᠯᠣᠭᠤᠳᠴᠤ᠂ ᠥᠷᠭᠡᠨ ᠣᠯᠠᠨ ᠲᠦᠮᠡᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ  ᠳᠤ ᠣᠷᠣᠯᠴᠠᠬᠤ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠮᠠᠯᠴᠢᠨ ᠲᠦᠮᠡᠨ ᠳᠤ ᠠᠷᠢᠭᠤᠨ ᠴᠡᠪᠡᠷ ᠲᠠᠭᠠᠯᠠᠮᠵᠢᠲᠠᠶ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠣᠯᠭᠠᠵᠤ ᠥᠭᠭᠦᠨ᠎ᠡ᠃
 
ᠢᠷᠡᠯᠲᠡ᠄ ᠪᠠᠶᠠᠨᠲᠠᠯ᠎ᠠ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号