ᠬᠤᠯᠤᠭᠠᠨ᠎ᠠ ᠤᠰᠠᠳᠬᠠᠭᠰᠠᠨ ᠦᠷ᠎ᠡ ᠪᠦᠲᠦᠭᠡᠯ ᠢᠶᠠᠨ ᠤᠯᠠᠮ ᠨᠢᠭᠡ ᠠᠯᠬᠤᠮ ᠪᠠᠬᠢᠵᠢᠭᠦᠯᠵᠦ᠂ ᠪᠥᠬᠦ | ᠪᠠᠯᠭᠠᠰᠤᠨ ᠤ ᠬᠤᠯᠤᠭᠠᠨ᠎ᠠ ᠶᠢᠨ ᠨᠢᠭᠲᠠᠴᠠ ᠶᠢ ᠪᠠᠭᠤᠷᠠᠭᠤᠯᠤᠨ᠂ ᠬᠤᠯᠤᠭᠠᠨ᠎ᠠ ᠶᠢᠨ ᠬᠥᠨᠥᠭᠡᠯ ᠪᠠ ᠬᠤᠯᠤᠭᠠᠨ᠎ᠠ | ᠶᠢᠨ ᠬᠠᠯᠳᠠᠪᠤᠷᠢᠯᠠᠬᠤ ᠡᠪᠡᠳᠴᠢᠨ ᠡᠮᠭᠡᠭ ᠡᠭᠦᠰᠬᠦ ᠪᠠ ᠳᠡᠯᠭᠡᠷᠡᠬᠦ ᠶᠢ ᠪᠠᠭᠠᠰᠬᠠᠵᠤ᠂ ᠣᠷᠴᠢᠨ ᠲᠣᠭᠤᠷᠢᠨ ᠤ ᠡᠷᠡᠭᠦᠯ | ᠬᠠᠮᠠᠭᠠᠯᠠᠯ ᠤᠨ ᠳᠦᠷᠢ ᠪᠠᠶᠢᠳᠠᠯ ᠢ ᠦᠨᠡᠨ ᠬᠦ ᠰᠠᠶᠢᠵᠢᠷᠠᠭᠤᠯᠤᠨ᠂ ᠣᠯᠠᠨ ᠲᠦᠮᠡᠨ ᠤ ᠪᠡᠶ᠎ᠡ ᠮᠠᠬᠠᠪᠣᠳ ᠤᠨ ᠡᠷᠡᠭᠦᠯ | ᠮᠡᠨᠳᠦ ᠶᠢ ᠪᠠᠲᠤᠯᠠᠬᠤ ᠶᠢᠨ ᠲᠥᠯᠥᠭᠡ᠂ 4 ᠰᠠᠷ᠎ᠠ ᠶᠢᠨ 16 ᠤ ᠡᠳᠦᠷ᠂ ᠪᠠᠶᠠᠨᠲᠠᠯ᠎ᠠ ᠪᠠᠯᠭᠠᠰᠤ ᠪᠥᠬᠦ ᠺᠠᠳ᠋ᠷ | ᠠᠵᠢᠯᠲᠠᠨ ᠢᠶᠠᠨ ᠵᠣᠬᠢᠶᠠᠨ ᠪᠠᠶᠢᠭᠤᠯᠵᠤ ᠪᠠᠯᠭᠠᠰᠤᠨ ᠤ ᠡᠷᠬᠢᠨ ᠲᠣᠭᠤᠷᠢᠨ ᠤ 2 ᠺᠢᠯᠣᠮᠧᠲᠷ ᠤᠨ ᠭᠠᠵᠠᠷ ᠲᠤ | ᠬᠠᠪᠤᠷ ᠤᠨ ᠤᠯᠠᠷᠢᠯ ᠤᠨ ᠬᠠᠮᠠᠭᠠᠯᠠᠯᠲᠠ ᠶᠢᠨ ᠴᠢᠨᠠᠷᠲᠠᠶ ᠬᠤᠯᠤᠭᠠᠨ᠎ᠠ ᠤᠰᠠᠳᠬᠠᠬᠤ ᠠᠵᠢᠯᠯᠠᠭ᠎ᠠ ᠥᠷᠨᠢᠭᠦᠯᠪᠡ᠃ | ᠲᠤᠬᠠᠶ ᠶᠢᠨ ᠲᠠᠯᠠᠪᠠᠶ ᠳᠤ᠂ ᠪᠠᠯᠭᠠᠰᠤᠨ ᠤ ᠺᠠᠳ᠋ᠷ ᠠᠵᠢᠯᠲᠠᠳ ᠲᠤᠰᠬᠠᠶ ᠰᠡᠷᠭᠡᠶᠢᠯᠡᠨ ᠬᠠᠮᠠᠭᠠᠯᠠᠬᠤ ᠬᠡᠷᠡᠭᠰᠡᠯ | ᠵᠡᠭᠦᠵᠦ᠂ ᠠᠵᠢᠯᠯᠠᠭᠠᠨ ᠤ ᠳᠦᠷᠢᠮᠵᠢᠯ ᠢ ᠴᠢᠩᠭ᠎ᠠ ᠵᠢᠷᠤᠮᠯᠠᠨ᠂ ᠲᠣᠤᠷ ᠲᠠᠲᠠᠬᠤ ᠮᠠᠶ᠋ᠢᠭ ᠢᠶᠠᠷ ᠣᠷᠣᠭᠰᠢᠯᠠᠵᠣ᠂ | ᠢᠯᠡᠷᠡᠭᠦᠯᠦᠭᠰᠡᠨ ᠬᠤᠯᠤᠭᠠᠨ᠎ᠠ ᠶᠢᠨ ᠨᠦᠬᠡ ᠶᠢ ᠬᠤᠯᠤᠭᠠᠨ᠎ᠠ ᠤᠰᠠᠳᠬᠠᠬᠤ ᠣᠲᠣᠭᠠᠲᠣ ᠫᠣᠣᠵᠢᠩ ᠲᠠᠯᠪᠢᠵᠣ᠂ | ᠣᠷᠬᠢᠭᠳᠠᠭᠤᠯᠬᠤ ᠥᠬᠡᠶ᠂ ᠦᠯᠡᠳᠡᠭᠡᠬᠦ ᠥᠬᠡᠶ ᠪᠠᠶᠢᠬᠤ ᠶᠢ ᠦᠨᠡᠨ ᠬᠦ ᠪᠠᠲᠤᠯᠠᠵᠤ᠂ ᠲᠣᠰ ᠤᠳᠠᠭᠠᠨ ᠤ ᠠᠵᠢᠯ | ᠢᠶᠠᠨ ᠤᠷᠤᠭᠰᠢᠲᠠᠶ ᠪᠡᠶᠡᠯᠡᠭᠦᠯᠪᠡ ᠃ | ᠲᠣᠰ ᠤᠳᠠᠭᠠᠨ ᠤ ᠠᠵᠢᠯᠯᠠᠭ᠎ᠠ ᠨᠢ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠢᠯᠢᠳᠡᠭ | ᠤᠯᠠᠮᠵᠢᠯᠠᠯ ᠢ ᠭᠦᠶᠴᠡᠳ ᠪᠠᠳᠠᠷᠠᠭᠤᠯᠵᠤ᠂ ᠪᠠᠯᠭᠠᠰᠤᠨ ᠤ ᠪᠠᠶᠢᠭ᠎ᠠ ᠭᠠᠵᠠᠷ ᠤᠨ ᠬᠤᠯᠤᠭᠠᠨ᠎ᠠ ᠶᠢᠨ ᠨᠢᠭᠲᠠᠴᠠ ᠪᠠ | ᠬᠤᠯᠤᠭᠠᠨ᠎ᠠ ᠠᠴᠠ ᠬᠠᠯᠳᠠᠪᠤᠷᠢᠯᠠᠬᠤ ᠡᠪᠡᠳᠴᠢᠨ ᠡᠭᠦᠰᠬᠦ ᠨᠣᠷᠮ᠎ᠠ ᠶᠢ ᠪᠦᠲᠦᠮᠵᠢᠲᠡᠶ ᠪᠠᠭᠤᠷᠠᠭᠤᠯᠤᠨ᠂ ᠥᠷᠭᠡᠨ | ᠣᠯᠠᠨ ᠰᠠᠭᠤᠭᠠᠯᠢ ᠠᠷᠠᠳ ᠪᠠ ᠺᠠᠳ᠋ᠷ ᠠᠵᠢᠯᠲᠠᠳ ᠲᠤ ᠨᠠᠩ ᠰᠠᠶᠢᠨ ᠰᠠᠶᠢᠬᠠᠨ ᠠᠵᠢᠯ ᠪᠠ ᠦᠶᠯᠡᠳᠪᠦᠷᠢᠯᠡᠯ | ᠠᠮᠢᠳᠤᠷᠠᠯ ᠤᠨ ᠣᠷᠴᠢᠨ ᠨᠥᠬᠦᠴᠡᠯ ᠢ ᠡᠭᠦᠳᠴᠦ ᠥᠭᠴᠡᠶ᠃ ᠲᠠᠷᠠᠭᠠᠴᠢ ᠶᠢᠨ ᠠᠯᠬᠤᠮ ᠳᠤ᠂ ᠪᠠᠶᠠᠨᠲᠠᠯ᠎ᠠ ᠪᠠᠯᠭᠠᠰᠤ | ᠦᠷᠭᠦᠯᠵᠢᠯᠡᠨ ᠬᠤᠯᠤᠭᠠᠨ᠎ᠠ ᠶᠢᠨ ᠨᠢᠭᠲᠠᠴᠠ ᠨᠡᠯᠢᠶᠡᠳ ᠥᠨᠳᠥᠷ ᠣᠷᠣᠨ ᠪᠦᠰᠡ ᠳᠤ ᠬᠤᠯᠤᠭᠠᠨ᠎ᠠ ᠤᠰᠠᠳᠬᠠᠬᠤ | ᠬᠠᠮᠢᠶ᠎ᠠ ᠪᠥᠬᠦᠶ ᠠᠵᠢᠯ ᠢ ᠥᠷᠨᠢᠭᠦᠯᠵᠦ᠂ ᠬᠤᠯᠤᠭᠠᠨ᠎ᠠ ᠶᠢᠨ ᠨᠢᠭᠲᠠᠴᠠ ᠶᠢᠨ ᠨᠡᠮᠡᠭᠳᠡᠯ ᠢ ᠪᠦᠲᠦᠮᠵᠢᠲᠡᠶ | ᠬᠢᠵᠠᠭᠠᠷᠠᠯᠠᠨ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠣᠷᠴᠢᠨ ᠲᠣᠭᠤᠷᠢᠨ ᠢ ᠬᠠᠮᠠᠭᠠᠯᠠᠬᠤ᠂ ᠬᠠᠮᠢᠶ᠎ᠠ | ᠪᠥᠬᠦᠶ ᠡᠪᠡᠳᠴᠢᠨ ᠡᠮᠭᠡᠭ ᠤᠨ ᠬᠠᠯᠳᠠᠪᠤᠷᠢᠯᠠᠬᠤ ᠶᠢ ᠪᠠᠭᠠᠰᠬᠠᠬᠤ ᠵᠣᠷᠢᠯᠭ᠎ᠠ ᠳᠤ ᠬᠦᠷᠴᠦ᠂ ᠠᠷᠠᠳ ᠣᠯᠠᠨ ᠤ ᠠᠮᠢ | ᠨᠠᠰᠤ ᠡᠷᠡᠭᠦᠯ ᠮᠡᠨᠳᠦ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠬᠠᠮᠠᠭᠠᠯᠠᠨ᠎ᠠ᠃ |