ᠬᠠᠪᠤᠷ ᠤᠨ ᠤᠯᠠᠷᠢᠯ ᠤᠨ ᠮᠠᠯ ᠤᠨ ᠬᠢᠵᠢᠭ ᠡᠪᠡᠳᠴᠢᠨ ᠡᠭᠦᠰᠬᠦ ᠲᠦᠭᠰᠢᠭᠦᠷᠢ ᠶᠢ ᠪᠦᠲᠦᠮᠵᠢᠲᠡᠶ | ᠪᠠᠭᠤᠷᠠᠭᠤᠯᠵᠤ᠂ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠨ᠂ ᠮᠠᠯ ᠠᠵᠤ | ᠠᠬᠤᠶ ᠶᠢᠨ ᠡᠷᠡᠭᠦᠯ ᠢᠶᠠᠷ ᠬᠥᠭᠵᠢᠬᠦ ᠶᠢ ᠪᠠᠲᠤᠯᠠᠬᠤ ᠶᠢᠨ ᠲᠥᠯᠥᠭᠡ᠂ 4 ᠰᠠᠷ᠎ᠠ ᠶᠢᠨ 11 ᠤ ᠡᠳᠦᠷ᠂ ᠪᠠᠶᠠᠨᠲᠠᠯ᠎ᠠ | ᠪᠠᠯᠭᠠᠰᠤᠨ ᠤ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠢ ᠲᠦᠭᠡᠮᠡᠯᠵᠢᠭᠦᠯᠬᠦ ᠦᠶᠯᠡᠴᠢᠯᠡᠭᠡᠨ ᠤ ᠲᠥᠪ ᠬᠠᠨ | ᠠᠭᠤᠯᠠ ᠭᠠᠴᠠᠭ᠎ᠠ ᠳᠤ ᠭᠦᠨᠵᠡᠭᠡᠶᠢᠷᠡᠨ ᠡᠪᠡᠳᠴᠢᠨ ᠢᠶᠠᠷ ᠥᠭᠦᠭᠰᠡᠨ ᠮᠠᠯ ᠢ ᠪᠣᠬᠢᠷᠳᠣᠯ ᠦᠭᠡᠢ ᠰᠢᠶᠳᠪᠦᠷᠢᠯᠡᠬᠦ | ᠠᠵᠢᠯ ᠢ ᠥᠷᠨᠢᠭᠦᠯᠪᠡ᠃ | ᠬᠠᠨ ᠠᠭᠤᠯᠠ ᠭᠠᠴᠠᠭᠠᠨ ᠤ ᠮᠠᠯᠴᠢᠳ ᠤᠨ ᠮᠡᠳᠡᠭᠦᠯᠦᠭᠰᠡᠨ ᠵᠠᠮ ᠤᠨ ᠬᠠᠵᠠᠭᠤ ᠳᠤ ᠦᠬᠦᠭᠰᠡᠨ ᠬᠤᠶᠠᠷ | ᠲᠤᠭᠤᠯ ᠪᠠᠶᠢᠬᠤ ᠶᠢ ᠣᠯᠵᠤ ᠮᠡᠳᠡᠭᠰᠡᠨ ᠤ ᠳᠠᠷᠠᠭ᠎ᠠ᠂ ᠮᠠᠨ ᠤ ᠲᠥᠪ ᠲᠤᠰᠬᠠᠶ ᠮᠡᠷᠭᠡᠵᠢᠯ ᠤᠨ ᠠᠵᠢᠯᠲᠠᠨ ᠢ | ᠵᠣᠬᠢᠶᠠᠨ ᠪᠠᠶᠢᠭᠤᠯᠵᠤ ᠲᠡᠷᠡ ᠳᠠᠷᠤᠶ ᠳᠤᠨᠢ ᠲᠤᠬᠠᠶ ᠶᠢᠨ ᠲᠠᠯᠠᠪᠠᠢ ᠳᠤ ᠬᠦᠷᠴᠦ ᠪᠠᠶᠢᠴᠠᠭᠠᠯᠲᠠ ᠬᠢᠪᠡ᠃ ᠠᠩᠬ᠎ᠠ | ᠠᠯᠬᠤᠮ ᠤᠨ ᠪᠠᠶᠢᠴᠠᠭᠠᠯᠲᠠ ᠠᠴᠠ ᠦᠵᠡᠪᠡᠯ᠂ ᠥᠭᠦᠭᠰᠡᠨ ᠲᠤᠭᠤᠯ ᠭᠠᠳᠠᠷ ᠰᠢᠷᠬ᠎ᠠ ᠥᠬᠡᠶ᠂ ᠤᠯᠠᠷᠢᠯ ᠤᠨ | ᠴᠢᠨᠠᠷᠲᠠᠶ ᠰᠠᠭᠤᠯᠭᠠᠬᠤ ᠪᠤᠶᠤ ᠪᠠᠺᠲ᠋ᠧᠷᠢ ᠶᠢᠨ ᠴᠢᠨᠠᠷᠲᠠᠶ ᠬᠠᠯᠳᠠᠪᠤᠷᠢᠯᠠᠯ ᠠᠴᠠ ᠪᠣᠯᠵᠣ ᠲᠣᠷᠦ᠋ᠢᠳᠠᠵᠦ ᠥᠭᠦᠭᠰᠡᠨ | ᠰᠡᠵᠢᠭᠯᠡᠯᠲᠡᠶ ᠪᠠᠶᠢᠵᠤ᠂ ᠡᠪᠡᠳᠴᠢᠨ ᠡᠭᠦᠰᠭᠡᠭᠴᠢ ᠶᠢᠨ ᠲᠠᠷᠬᠠᠬᠤ ᠶᠢ ᠰᠡᠷᠭᠡᠶᠢᠯᠡᠬᠦ ᠶᠢᠨ ᠲᠥᠯᠥᠭᠡ᠂ ᠲᠡᠷᠡ ᠳᠠᠷᠤᠶ | ᠳᠤᠨᠢ ᠥᠭᠦᠭᠰᠡᠨ ᠲᠤᠭᠤᠯ ᠢ ᠪᠣᠬᠢᠷᠳᠣᠯ ᠦᠭᠡᠢ ᠰᠢᠶᠳᠪᠦᠷᠢᠯᠡᠬᠦ ᠪᠠᠷ ᠲᠣᠭᠲᠠᠪᠠ᠃ ᠦᠬᠦᠭᠰᠡᠨ ᠮᠠᠯ ᠢ | ᠲᠣᠭᠲᠠᠭᠰᠠᠨ ᠭᠠᠵᠠᠷ ᠲᠤ ᠠᠪᠠᠴᠢᠭᠰᠠᠨ ᠤ ᠳᠠᠷᠠᠭ᠎ᠠ ᠦᠬᠦᠭᠰᠡᠨ ᠮᠠᠯ ᠢ ᠰᠢᠲᠠᠭᠠᠵᠤ ᠭᠦᠨ ᠪᠤᠯᠠᠬᠤ ᠪᠠ | ᠠᠷᠢᠭᠤᠳᠬᠠᠨ ᠰᠢᠢᠳᠪᠦᠷᠢᠯᠡᠬᠦ ᠶᠢᠨ ᠬᠠᠮᠲᠤ ᠬᠠᠮᠢᠶ᠎ᠠ ᠪᠦᠬᠦᠢ ᠪᠠᠶᠢᠳᠠᠯ ᠢ ᠳᠡᠭᠡᠭᠰᠢ ᠬᠤᠰᠢᠭᠤᠨ ᠤ ᠠᠮᠢᠲᠠᠨ ᠤ | ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ ᠲᠤ ᠮᠡᠳᠡᠭᠦᠯᠪᠡ᠃ ᠡᠭᠦᠨ ᠤ ᠬᠠᠮᠲᠤ᠂ ᠥᠭᠦᠭᠰᠡᠨ ᠮᠠᠯ ᠢ | ᠢᠯᠡᠷᠡᠭᠦᠯᠦᠭᠰᠡᠨ ᠭᠠᠵᠠᠷ ᠵᠢᠴᠢ ᠲᠡᠭᠡᠭᠡᠪᠦᠷᠢ ᠶᠢᠨ ᠲᠡᠷᠭᠡ ᠬᠥᠰᠬᠡ ᠶᠢ ᠴᠢᠩᠭ᠎ᠠ ᠠᠷᠢᠭᠤᠳᠬᠠᠬᠤ ᠶᠢᠨ ᠬᠠᠮᠲᠤ᠂ | ᠡᠷᠬᠢᠨ ᠲᠣᠭᠤᠷᠢᠨ ᠤ ᠰᠠᠭᠤᠭᠠᠯᠢ ᠠᠷᠠᠳ ᠲᠤ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠢᠳᠡᠪᠬᠢᠲᠡᠶ | ᠤᠬᠠᠭᠤᠯᠵᠤ᠂ ᠣᠯᠠᠨ ᠲᠦᠮᠡᠨ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠵᠥᠪ ᠣᠨᠣᠪᠴᠢᠲᠠᠶ ᠡᠷᠡᠭᠦᠯ ᠬᠠᠮᠠᠭᠠᠯᠠᠯ | ᠤᠨ ᠤᠬᠠᠮᠰᠠᠷ ᠢ ᠪᠣᠶ ᠪᠣᠯᠭᠠᠬᠤ ᠶᠢ ᠡᠷᠬᠢᠮᠯᠡᠪᠡ᠃ | ᠲᠠᠷᠠᠭᠠᠴᠢ ᠶᠢᠨ ᠠᠯᠬᠤᠮ ᠳᠤ᠂ ᠮᠠᠨ ᠤ ᠲᠥᠪ ᠠᠴᠠ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠡᠷᠴᠢᠮ | ᠢᠶᠠᠨ ᠦᠷᠭᠦᠯᠵᠢᠯᠡᠨ ᠴᠢᠩᠭᠠᠷᠠᠭᠤᠯᠵᠤ᠂ ᠡᠪᠡᠳᠴᠢᠨ ᠢᠶᠠᠷ ᠥᠭᠦᠭᠰᠡᠨ ᠮᠠᠯ ᠢ ᠪᠣᠬᠢᠷᠳᠣᠯ ᠦᠭᠡᠢ ᠰᠢᠶᠳᠪᠦᠷᠢᠯᠡᠬᠦ | ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠠᠷᠢᠶ᠎ᠠ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ | ᠲᠣᠭᠤᠷᠢᠨ ᠢ ᠦᠨᠡᠨ ᠬᠦ ᠰᠠᠶᠢᠲᠤᠷ ᠬᠠᠮᠠᠭᠠᠯᠠᠵᠤ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ | ᠡᠪᠡᠳᠴᠢᠨ ᠢᠶᠠᠷ ᠥᠭᠦᠭᠰᠡᠨ ᠮᠠᠯ ᠢᠶᠠᠨ ᠳᠤᠷ᠎ᠠ ᠪᠠᠷ ᠬᠠᠶᠠᠬᠤ ᠥᠬᠡᠶ ᠤᠬᠠᠮᠰᠠᠷ ᠢ ᠪᠣᠶ ᠪᠣᠯᠭᠠᠵᠤ᠂ ᠪᠥᠬᠦ | ᠪᠠᠯᠭᠠᠰᠤᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠪᠥᠬᠦ ᠲᠠᠯ᠎ᠠ ᠪᠠᠷ | ᠳᠡᠭᠡᠭᠰᠢᠯᠡᠭᠦᠯᠵᠦ᠂ ᠮᠠᠯ ᠠᠵᠤ ᠠᠬᠤᠶ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠦᠲᠦᠮᠵᠢᠲᠡᠶ ᠬᠠᠮᠠᠭᠠᠯᠠᠵᠤ᠂ | ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ | ᠲᠦᠪᠰᠢᠨ ᠢ ᠪᠠᠲᠤᠯᠠᠨ᠎ᠠ᠃ | |